ᠶᠡᠭᠡ ᠬᠦᠷᠢᠶ᠎ᠡ ᠰᠢᠶᠠᠩ ︽ᠥᠯᠵᠡᠶᠢᠲᠦ ᠡᠳᠦᠷ ᠴᠠᠭᠠᠨ ᠰᠠᠷ᠎ᠠ ᠶᠢ ᠤᠭᠲᠤᠨ ᠥᠯᠵᠡᠶᠢᠲᠦ ᠡᠳᠦᠷ ᠤᠨ ᠥᠯᠵᠡᠶᠢᠲᠦ ᠡᠳᠦᠷ ᠢ ᠪᠡᠯᠭᠡᠯᠡᠵᠦ᠂ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ︾ ᠭᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2023/2/6
    ︽ᠲᠦᠩ ᠲᠦᠩ ᠴᠢᠶᠠᠩ︕ ᠲᠦᠩ ᠲᠦᠩ ᠴᠢᠶᠠᠩ︕︾ ᠭᠡᠵᠦ ᠬᠠᠷᠠᠩᠭ᠎ᠠ ᠬᠡᠩᠭᠡᠷᠭᠡ ᠬᠠᠩᠭᠢᠨᠠᠲᠠᠯ᠎ᠠ ᠬᠠᠩᠭᠢᠨᠠᠵᠤ᠂ ᠪᠠᠶᠠᠷ ᠤᠨ ᠶᠠᠩᠭᠠᠷ ᠬᠠᠩᠭᠢᠨᠠᠲᠠᠯ᠎ᠠ ᠳᠠᠭᠤᠷᠢᠰᠤᠨ᠎ᠠ᠃ 2 ᠰᠠᠷ᠎ᠠ ᠶᠢᠨ 5᠎ ᠤ ᠡᠳᠦᠷ ᠶᠠᠭ ᠰᠠᠶᠢᠬᠠᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠪᠠᠶᠠᠷ ᠤᠨ ᠡᠳᠦᠷ ᠪᠣᠯᠬᠤ ᠳᠤ᠂  ᠶᠡᠭᠡ ᠬᠦᠷᠢᠶ᠎ᠡ ᠰᠢᠶᠠᠩ ᠤᠨ ᠬᠢᠨ ︽ᠪᠤᠶᠠᠨᠲᠤ ᠲᠠᠤᠯᠠᠢ ᠶᠢᠨ ᠴᠠᠭᠠᠨ ᠰᠠᠷ᠎ᠠ ᠶᠢ ᠤᠭᠲᠤᠨ᠂ ᠡᠷᠡᠮᠡᠬᠡᠶᠢᠯᠡᠨ ᠲᠠᠪᠰᠢᠬᠤ ᠰᠢᠨ᠎ᠡ ᠠᠶᠠᠨ︾ ᠭᠡᠬᠦ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠡᠷᠬᠢᠯᠡᠭᠰᠡᠨ ᠪᠥᠭᠡᠳ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠦ᠋ ᠴᠧᠨ ᠨᠥᠬᠦᠷ ᠢ ᠲᠤᠬᠠᠢ ᠶᠢᠨ ᠲᠠᠯᠠᠪᠠᠢ ᠳᠤ ᠢᠷᠡᠵᠤ ᠵᠢᠭᠠᠨ ᠵᠢᠯᠣᠭᠤᠳᠴᠤ ᠰᠣᠨᠢᠷᠬᠠᠭᠤᠯᠬᠤ ᠪᠠᠷ ᠣᠨᠴᠠᠭᠠᠶᠢᠯᠠᠨ ᠤᠷᠢᠵᠠᠢ᠃
     ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠬᠥᠮᠦᠰ ᠤᠨ ᠤᠷᠤᠰᠬᠠᠯ ᠳᠦᠭᠦᠷᠴᠦ᠂ ᠬᠦᠷ ᠨᠠᠷᠭᠢᠶᠠᠨ ᠢᠶᠠᠷ ᠪᠢᠯᠬᠠᠨ᠎ᠠ᠃ ᠡᠩ ᠲᠡᠷᠢᠭᠦᠨ ᠳᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠪᠠᠶᠠᠷ ᠤᠨ ᠦᠭᠡ ᠬᠡᠯᠡᠵᠦ᠂ ᠥᠷᠭᠡᠨ ᠣᠯᠠᠨ ᠨᠤᠲᠤᠭ ᠤᠨ ᠠᠬ᠎ᠠ ᠳᠡᠭᠦᠤ ᠨᠡᠷ ᠲᠤ ᠬᠠᠮᠤᠭ ᠤᠨ ᠴᠢᠩ ᠦᠨᠡᠨᠴᠢ ᠪᠠᠶᠠᠷ ᠤᠨ ᠡᠳᠦᠷ ᠤᠨ ᠮᠡᠨᠳᠦᠴᠢᠯᠡᠯ ᠪᠠ ᠬᠠᠮᠤᠭ ᠤᠨ ᠰᠠᠶᠢᠨ ᠰᠠᠶᠢᠬᠠᠨ ᠴᠠᠭᠠᠨ ᠰᠠᠷ᠎ᠠ ᠶᠢᠨ ᠢᠷᠥᠭᠡᠯ ᠳᠡᠪᠰᠢᠭᠦᠯᠵᠡᠶ᠃ ᠳᠠᠷᠠᠭ᠎ᠠ ᠪᠠᠷ ᠨᠢ ᠬᠠᠷᠠᠩᠭ᠎ᠠ ᠬᠡᠩᠭᠡᠷᠭᠡ ᠶᠢᠨ ᠲᠠᠭᠤᠨ ᠢ ᠳᠠᠭᠠᠯᠳᠤᠨ᠂ ᠪᠥᠬᠦ ᠰᠢᠶᠠᠩ ᠤᠨ 16 ᠶᠠᠩᠭᠠᠷ ᠪᠥᠵᠢᠭ ᠤᠨ ᠠᠩᠭᠢ ᠶᠢᠨ ᠬᠢᠨ ᠬᠤᠪᠴᠠᠰᠤ ᠵᠠᠰᠠᠯ ᠢᠶᠠᠨ ᠡᠮᠦᠰᠴᠦ᠂ ᠴᠤᠭ ᠵᠢᠪᠬᠤᠭ᠎ᠠ ᠪᠠᠳᠠᠷᠠᠭᠤᠯᠤᠨ᠂ ᠣᠷᠭᠢᠯᠤᠮ᠎ᠠ ᠬᠠᠯᠠᠭᠤᠨ ᠰᠡᠳᠬᠢᠯᠭᠡ᠂ ᠵᠢᠭᠳᠡ ᠵᠢᠭᠳᠡ ᠬᠥᠳᠡᠯᠦᠯ ᠪᠠ ᠲᠠᠰᠤᠷᠠᠯᠲᠠ ᠥᠬᠡᠶ ᠬᠤᠪᠢᠷᠠᠵᠤ ᠪᠠᠶᠢᠭ᠎ᠠ ᠡᠩᠨᠡᠭᠡ ᠪᠠᠷ ᠢᠶᠠᠨ ᠦᠵᠡᠭᠴᠢᠳ ᠲᠤ ᠬᠥᠷ ᠬᠥᠭᠵᠢᠶᠡᠨ ᠲᠠᠢ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠣᠭᠯᠠᠯᠲᠠ ᠶᠢ ᠠᠪᠴᠢᠷᠠᠨ ᠥᠭᠴᠦ᠂ ᠥᠯᠵᠡᠶᠢᠲᠦ ᠦᠳᠡᠰᠢ ᠶᠢ ᠪᠠᠶᠠᠷᠯᠠᠨ ᠪᠡᠯᠭᠡᠯᠡᠵᠦ᠂ ᠴᠠᠭᠠᠨ ᠰᠠᠷ᠎ᠠ ᠶᠢ ᠪᠠᠶᠠᠷᠯᠠᠨ ᠤᠭᠲᠤᠬᠤ ᠶᠢᠨ ᠪᠠᠶᠠᠷ ᠪᠠᠭ᠋ᠠᠳᠤᠯ ᠢ ᠠᠭᠤᠵᠢᠷᠠᠲᠠᠯ᠎ᠠ ᠤᠶᠠᠩᠭᠠᠯᠠᠨ ᠢᠯᠡᠳᠬᠡᠵᠡᠶ᠃
     ᠰᠣᠨᠣᠰ︕ ᠨᠢᠵᠢᠭᠢᠨᠡᠭᠰᠡᠨ ᠬᠡᠩᠭᠡᠷᠭᠡ ᠶᠢᠨ ᠳᠠᠭᠤᠨ ᠬᠥᠮᠦᠰ ᠤᠨ ᠰᠡᠳᠬᠢᠯ ᠢ ᠬᠥᠭᠵᠢᠭᠡᠵᠦ᠂ ᠥᠯᠵᠡᠶᠢᠲᠦ ᠡᠳᠦᠷ ᠤᠨ ᠪᠠᠶᠠᠷ ᠤᠨ ᠠᠭᠤᠷ ᠠᠮᠢᠰᠬᠤᠯ ᠢ ᠵᠤᠵᠠᠭᠠᠳᠬᠠᠵᠤ᠂ ᠰᠢᠨ᠎ᠡ ᠵᠢᠯ ᠤᠨ ᠪᠠᠶᠠᠷ ᠤᠨ ᠠᠭᠤᠷ ᠠᠮᠢᠰᠬᠤᠯ ᠢ ᠬᠠᠩᠭᠢᠨᠠᠭᠤᠯᠵᠤ᠂ ᠰᠢᠨ᠎ᠡ ᠴᠠᠭ ᠦᠶ᠎ᠡ ᠶᠢᠨ ᠲᠤᠮᠤ ᠬᠥᠮᠥᠷᠭᠡ ᠶᠢᠨ ᠬᠤᠯᠪᠣᠭ᠎ᠠ ᠶᠢᠨ ᠮᠠᠭᠲᠠᠭᠠᠯ ᠳᠠᠭᠤᠤ ᠶᠢ ᠬᠠᠩᠭᠢᠨᠠᠭᠤᠯᠪᠠ ︔ ︽ᠦᠵᠡᠭᠡᠴᠢ︕︾ ᠭᠡᠵᠦᠭᠤᠶᠢᠳᠠ ᠰᠠᠶᠢᠬᠠᠨ ᠪᠥᠵᠢᠭ ᠤᠨ ᠠᠯᠬᠤᠭ᠎ᠠ ᠨᠢ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠵᠤ᠂ ᠪᠦᠬᠦ ᠰᠢᠶᠠᠩ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠬᠠᠶᠢᠷ᠎ᠠ ᠰᠡᠳᠬᠢᠯᠭᠡ ᠶᠢ ᠬᠥᠪᠴᠢᠯᠡᠵᠦ᠂ ᠪᠦᠬᠦ ᠰᠢᠶᠠᠩ ᠤᠨ ᠺᠠᠳ᠋ᠷ ᠤᠯᠠᠨ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠬᠦ ᠰᠢᠨ᠎ᠡ ᠠᠮᠢᠵᠢᠷᠠᠯ ᠤᠨ ᠬᠦᠴᠦᠨ ᠢ ᠬᠥᠪᠴᠢᠯᠡᠪᠡ᠃ ᠨᠤᠲᠤᠭ ᠤᠨ ᠠᠭᠤᠷ ᠠᠮᠢᠰᠬᠤᠯ ᠪᠠ ᠴᠠᠭᠠᠨ ᠰᠠᠷ᠎ᠠ ᠶᠢᠨ ᠦᠨᠦᠷ ᠬᠠᠩᠬᠤᠯᠤᠭᠰᠠᠨ ᠶᠠᠩᠭᠠᠷ ᠪᠥᠵᠢᠭ ᠤᠨ ᠠᠩᠬᠢ ᠶᠢᠨ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠲᠤᠬᠠᠢ ᠶᠢᠨ ᠲᠠᠯᠠᠪᠠᠢ ᠶᠢᠨ ᠬᠦᠷ ᠬᠥᠭᠵᠢᠶᠡᠨᠲᠦ ᠠᠭᠤᠷ ᠠᠮᠢᠰᠬᠤᠯ ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠤᠯᠠᠨ ᠲᠦᠮᠡᠨ ᠢ ᠨᠥᠯᠥᠭᠡᠯᠡᠪᠡ᠃ ᠤᠯᠠᠨ ᠢᠶᠠᠷ ᠢᠶᠠᠨ ᠭᠠᠷ ᠤᠲᠠᠰᠤ ᠪᠠᠷ ᠲᠣᠭᠲᠠᠭᠠᠭᠰᠠᠨ ᠡᠨᠡᠬᠦ ᠬᠦᠷ ᠨᠠᠷᠭᠢᠶᠠᠨ ᠲᠠᠢ ᠵᠢᠷᠤᠭ ᠳᠦᠷᠰᠦ ᠨᠢ ᠪᠦᠬᠦ ᠨᠤᠲᠤᠭ ᠢᠶᠠᠷ ᠢᠶᠠᠨ ᠪᠠᠶᠠᠷ ᠬᠦᠷ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠤᠯᠠᠮ ᠵᠤᠵᠠᠭᠠᠳᠬᠠᠬᠤ ᠪᠠᠷ ᠪᠣᠯᠵᠣᠭᠰᠠᠨ ᠶᠤᠮ᠃
     ᠭᠡᠷ ᠬᠤᠲᠠᠯᠠᠭᠠᠷ ᠤᠨ ᠳ᠋ᠧᠩ ᠤᠨ ᠭᠡᠷᠡᠯ ᠳᠤ ᠬᠠᠮᠤᠭ ᠤᠨ ᠳᠤᠯᠠᠭᠠᠨ ᠭᠠᠵᠠᠷ᠂ ᠬᠥᠮᠦᠰ ᠤᠨ ᠬᠤᠭᠤᠷᠣᠨᠳᠣᠬᠢ ᠦᠢᠮᠡᠭᠡᠨ ᠳᠤ ᠬᠠᠮᠤᠭ ᠤᠨ ᠪᠠᠶᠠᠷ ᠲᠠᠢ᠃ ᠲᠤᠰ ᠤᠳᠠᠭ᠎ᠠ ᠶᠢᠨ ᠤᠷᠠᠨ ᠰᠠᠶᠢᠬᠠᠨ ᠤ ᠲᠣᠭᠯᠠᠯᠲᠠ ᠳᠤ᠂ ᠡᠯ᠎ᠡ ᠲᠣᠭᠯᠠᠯᠲᠠ ᠳᠤ ᠣᠷᠣᠯᠴᠠᠭᠰᠠᠨ ᠡᠩᠨᠡᠭᠡ ᠶᠢᠨ ᠬᠢᠨ ᠣᠷᠭᠢᠯᠤᠮ᠎ᠠ ᠬᠠᠯᠠᠭᠤᠨ ᠰᠡᠳᠬᠢᠯᠭᠡ᠂ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠪᠦᠬᠦ ᠰᠢᠶᠠᠩ ᠤᠨ ᠠᠷᠠᠳ ᠲᠦᠮᠡᠨ ᠳᠤ ᠨᠢᠭᠡᠨ ᠲᠠᠩᠰᠤᠭ ᠰᠠᠶᠢᠬᠠᠨ ᠰᠣᠶᠣᠯ ᠤᠨ ᠬᠤᠭᠤᠯᠠ ᠬᠦᠷᠭᠡᠵᠡᠢ᠃ ᠮᠠᠨ ᠤ ᠰᠢᠶᠠᠨ ᠤ  ᠶᠡᠭᠡ ᠬᠦᠷᠢᠶ᠎ᠡ ᠰᠢᠶᠠᠩ ᠬᠥᠳᠡᠭᠡ ᠲᠣᠰᠬᠤᠨ ᠤ ᠰᠣᠶᠣᠯ ᠤᠨ ᠣᠨᠴᠠᠯᠢᠭ ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠤᠯᠠᠨ ᠲᠦᠮᠡᠨ ᠳᠤ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾᠎ ᠶᠢᠨ ᠠᠪᠴᠢᠷᠠᠭᠰᠠᠨ ᠵᠣᠯ ᠵᠢᠷᠭᠠᠯᠲᠤ ᠠᠮᠢᠳᠤᠷᠠᠯ ᠢ ᠦᠨᠡᠨᠬᠦ ᠡᠳ᠋ᠯᠡᠭᠦᠯᠵᠦ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3