2 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠯᠸᠢ ᠺᠦᠨ ᠪᠦᠯᠬᠦᠮ ᠳᠠᠭᠠᠭᠤᠯᠤᠨ ᠰᠢᠩ ᠾᠧ ᠰᠢᠶᠠᠨ ᠳᠤ ᠬᠦᠷᠴᠦ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠬᠤ ᠶᠢᠨ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ | 12345 ᠬᠠᠯᠠᠭᠤᠨ ᠤᠲᠠᠰᠤᠨ ᠤ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠯᠸᠢ ᠺᠦᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠡ ᠶᠢᠨ | ᠬᠠᠷᠢᠭᠤᠴᠠᠯᠭᠠᠲᠠᠨ ᠤ ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠵᠠᠰᠠᠭ ᠤᠨ | ᠶᠠᠪᠤᠳᠠᠯ ᠤᠨ ᠬᠠᠯᠠᠮᠰᠢᠯ ᠤᠲᠠᠰᠤ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠠᠢ᠃ ᠯᠸᠢ ᠺᠦᠨ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ ᠠᠵᠢᠯ ᠥᠷᠨᠢᠭᠦᠯᠦᠭᠰᠡᠨ ᠪᠠᠶᠢᠳᠠᠯ ᠢ ᠭᠦᠢᠴᠡᠳ | ᠨᠤᠲᠠᠯᠠᠵᠤ᠂ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠢᠢᠯᠠᠭᠠᠭᠳᠠᠬᠤᠨ ᠢ ᠢᠮᠠᠭᠲᠠ | ᠪᠠᠷᠢᠮᠲᠠᠯᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠪᠣᠳᠠᠲᠠᠢ ᠬᠡᠷᠡᠭᠴᠡᠭᠡ ᠠᠴᠠ ᠡᠭᠦᠰᠴᠦ᠂ ᠠᠵᠢᠯ | ᠶᠠᠪᠤᠳᠠᠯ ᠡᠷᠬᠢᠯᠡᠬᠦ ᠶᠠᠪᠤᠴᠠ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ ᠥᠭᠡᠷᠡᠴᠢᠯᠡᠵᠦ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ︽ᠰᠦᠯᠵᠢᠶᠡᠨ ᠳᠡᠭᠡᠷ᠎ᠡ ᠰᠢᠢᠳᠪᠦᠷᠢᠯᠡᠬᠦ︾᠂ ︽ᠨᠢᠭᠡ ᠯᠡ ᠤᠳᠠᠭ᠎ᠠ ᠳᠤ | ᠰᠢᠢᠳᠪᠦᠷᠢᠯᠡᠬᠦ︾ ᠦᠢᠯᠡᠴᠢᠯᠡᠭᠡ ᠶᠢ ᠥᠷᠨᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠠᠵᠢᠯ | ᠶᠠᠪᠤᠳᠠᠯ ᠡᠷᠬᠢᠯᠡᠬᠦ ᠳᠤ ᠲᠦᠬᠦᠮ ᠦᠵᠡᠭᠦᠯᠬᠦ ᠬᠡᠮᠵᠢᠶ᠎ᠡ ᠪᠣᠯᠤᠨ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠬᠤᠢ ᠢᠦᠶ ᠵᠢᠭᠠᠵᠤ ᠭᠠᠷᠭᠠᠬᠤ ᠳᠠᠭᠠᠨ᠄ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠮᠠᠨ ᠤ | ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠯᠠᠮᠰᠢᠯ ᠤᠲᠠᠰᠤᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠶ | ᠲᠠᠯ᠎ᠠ ᠶᠢ ᠨᠠᠷᠢᠨ ᠬᠢᠨᠠᠮᠠᠭᠠᠶ ᠡᠮᠬᠢᠯᠡᠨ ᠳ᠋ᠦᠩᠨᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠨᠡᠩ ᠶᠡᠭᠡ ᠡᠷᠴᠢᠮ᠂ ᠨᠡᠩ ᠴᠢᠩᠭ᠎ᠠ ᠠᠷᠭ᠎ᠠ ᠬᠡᠮᠵᠢᠶ᠎ᠡ ᠠᠪᠴᠤ᠂ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠵᠠᠰᠠᠭ | ᠵᠠᠬᠢᠷᠭᠠᠨ ᠤ ᠬᠠᠮᠢᠶᠠᠷᠤᠯᠲᠠ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ | ᠡᠭᠦᠳᠴᠦ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ | ᠳᠥᠭᠦᠮᠴᠢᠯᠡᠯᠲᠡ ᠶᠢ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠭᠡᠨ ᠤ ᠠᠵᠢᠯ ᠶᠠᠪᠤᠳᠠᠯ | ᠭᠦᠢᠴᠡᠳᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠠᠵᠤ ᠠᠬᠤᠶᠢᠯᠠᠯ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠨ ᠰᠢᠢᠳᠪᠦᠷᠢᠯᠡᠵᠦ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ᠃ | ᠰᠢᠶᠠᠨ ᠤ ᠤᠳᠤᠷᠢᠳᠤᠯᠭ᠎ᠠ ᠸᠠᠩ ᠰᠢᠶᠤᠤ ᠵᠢᠶᠦ᠋ᠨ᠂ ᠵᠧᠤ ᠷᠦᠢ ᠵᠢᠶᠦ᠋ᠨ ᠬᠤᠷᠠᠯ ᠳᠤ ᠣᠷᠣᠯᠴᠠᠵᠠᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |