︽ᠲᠦᠩ ᠲᠦᠩ ᠴᠢᠶᠠᠩ︕ ᠲᠦᠩ ᠲᠦᠩ ᠴᠢᠶᠠᠩ︕︾ ᠭᠡᠵᠦ ᠬᠠᠷᠠᠩᠭ᠎ᠠ ᠬᠡᠩᠭᠡᠷᠭᠡ ᠬᠠᠩᠭᠢᠨᠠᠲᠠᠯ᠎ᠠ | ᠬᠠᠩᠭᠢᠨᠠᠵᠤ᠂ ᠪᠠᠶᠠᠷ ᠤᠨ ᠶᠠᠩᠭᠠᠷ ᠬᠠᠩᠭᠢᠨᠠᠲᠠᠯ᠎ᠠ ᠳᠠᠭᠤᠷᠢᠰᠤᠨ᠎ᠠ᠃ 2 ᠰᠠᠷ᠎ᠠ ᠶᠢᠨ 5 ᠤ ᠡᠳᠦᠷ ᠶᠠᠭ ᠰᠠᠶᠢᠬᠠᠨ ᠴᠠᠭᠠᠨ | ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠪᠠᠶᠠᠷ ᠤᠨ ᠡᠳᠦᠷ ᠪᠣᠯᠬᠤ ᠳᠤ᠂ ᠶᠡᠭᠡ ᠬᠦᠷᠢᠶ᠎ᠡ ᠰᠢᠶᠠᠩ ᠤᠨ ᠬᠢᠨ ︽ | ᠪᠤᠶᠠᠨᠲᠤ ᠲᠠᠤᠯᠠᠢ ᠶᠢᠨ ᠴᠠᠭᠠᠨ ᠰᠠᠷ᠎ᠠ ᠶᠢ ᠤᠭᠲᠤᠨ᠂ ᠡᠷᠡᠮᠡᠬᠡᠶᠢᠯᠡᠨ ᠲᠠᠪᠰᠢᠬᠤ ᠰᠢᠨ᠎ᠡ ᠠᠶᠠᠨ︾ ᠭᠡᠬᠦ ᠤᠷᠠᠨ ᠰᠠᠶᠢᠬᠠᠨ ᠤ | ᠲᠣᠭᠯᠠᠯᠲᠠ ᠶᠢᠨ ᠠᠵᠢᠯᠯᠠᠭ᠎ᠠ ᠶᠢ ᠡᠷᠬᠢᠯᠡᠭᠰᠡᠨ ᠪᠥᠭᠡᠳ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ | ᠳᠠᠷᠤᠭ᠎ᠠ ᠦ᠋ ᠴᠧᠨ ᠨᠥᠬᠦᠷ ᠢ ᠲᠤᠬᠠᠢ ᠶᠢᠨ ᠲᠠᠯᠠᠪᠠᠢ ᠳᠤ ᠢᠷᠡᠵᠤ ᠵᠢᠭᠠᠨ ᠵᠢᠯᠣᠭᠤᠳᠴᠤ ᠰᠣᠨᠢᠷᠬᠠᠭᠤᠯᠬᠤ ᠪᠠᠷ | ᠣᠨᠴᠠᠭᠠᠶᠢᠯᠠᠨ ᠤᠷᠢᠵᠠᠢ᠃ | | | ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠬᠥᠮᠦᠰ ᠤᠨ ᠤᠷᠤᠰᠬᠠᠯ ᠳᠦᠭᠦᠷᠴᠦ᠂ ᠬᠦᠷ ᠨᠠᠷᠭᠢᠶᠠᠨ ᠢᠶᠠᠷ | ᠪᠢᠯᠬᠠᠨ᠎ᠠ᠃ ᠡᠩ ᠲᠡᠷᠢᠭᠦᠨ ᠳᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ | ᠪᠠᠶᠠᠷ ᠤᠨ ᠦᠭᠡ ᠬᠡᠯᠡᠵᠦ᠂ ᠥᠷᠭᠡᠨ ᠣᠯᠠᠨ ᠨᠤᠲᠤᠭ ᠤᠨ ᠠᠬ᠎ᠠ ᠳᠡᠭᠦᠤ ᠨᠡᠷ ᠲᠤ ᠬᠠᠮᠤᠭ ᠤᠨ ᠴᠢᠩ ᠦᠨᠡᠨᠴᠢ ᠪᠠᠶᠠᠷ ᠤᠨ | ᠡᠳᠦᠷ ᠤᠨ ᠮᠡᠨᠳᠦᠴᠢᠯᠡᠯ ᠪᠠ ᠬᠠᠮᠤᠭ ᠤᠨ ᠰᠠᠶᠢᠨ ᠰᠠᠶᠢᠬᠠᠨ ᠴᠠᠭᠠᠨ ᠰᠠᠷ᠎ᠠ ᠶᠢᠨ ᠢᠷᠥᠭᠡᠯ ᠳᠡᠪᠰᠢᠭᠦᠯᠵᠡᠶ᠃ | ᠳᠠᠷᠠᠭ᠎ᠠ ᠪᠠᠷ ᠨᠢ ᠬᠠᠷᠠᠩᠭ᠎ᠠ ᠬᠡᠩᠭᠡᠷᠭᠡ ᠶᠢᠨ ᠲᠠᠭᠤᠨ ᠢ ᠳᠠᠭᠠᠯᠳᠤᠨ᠂ ᠪᠥᠬᠦ ᠰᠢᠶᠠᠩ ᠤᠨ 16 ᠶᠠᠩᠭᠠᠷ ᠪᠥᠵᠢᠭ ᠤᠨ | ᠠᠩᠭᠢ ᠶᠢᠨ ᠬᠢᠨ ᠬᠤᠪᠴᠠᠰᠤ ᠵᠠᠰᠠᠯ ᠢᠶᠠᠨ ᠡᠮᠦᠰᠴᠦ᠂ ᠴᠤᠭ ᠵᠢᠪᠬᠤᠭ᠎ᠠ ᠪᠠᠳᠠᠷᠠᠭᠤᠯᠤᠨ᠂ ᠣᠷᠭᠢᠯᠤᠮ᠎ᠠ ᠬᠠᠯᠠᠭᠤᠨ | ᠰᠡᠳᠬᠢᠯᠭᠡ᠂ ᠵᠢᠭᠳᠡ ᠵᠢᠭᠳᠡ ᠬᠥᠳᠡᠯᠦᠯ ᠪᠠ ᠲᠠᠰᠤᠷᠠᠯᠲᠠ ᠥᠬᠡᠶ ᠬᠤᠪᠢᠷᠠᠵᠤ ᠪᠠᠶᠢᠭ᠎ᠠ ᠡᠩᠨᠡᠭᠡ ᠪᠠᠷ ᠢᠶᠠᠨ ᠦᠵᠡᠭᠴᠢᠳ ᠲᠤ | ᠬᠥᠷ ᠬᠥᠭᠵᠢᠶᠡᠨ ᠲᠠᠢ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠣᠭᠯᠠᠯᠲᠠ ᠶᠢ ᠠᠪᠴᠢᠷᠠᠨ ᠥᠭᠴᠦ᠂ ᠥᠯᠵᠡᠶᠢᠲᠦ | ᠦᠳᠡᠰᠢ ᠶᠢ ᠪᠠᠶᠠᠷᠯᠠᠨ ᠪᠡᠯᠭᠡᠯᠡᠵᠦ᠂ ᠴᠠᠭᠠᠨ ᠰᠠᠷ᠎ᠠ ᠶᠢ ᠪᠠᠶᠠᠷᠯᠠᠨ ᠤᠭᠲᠤᠬᠤ ᠶᠢᠨ ᠪᠠᠶᠠᠷ ᠪᠠᠭ᠋ᠠᠳᠤᠯ ᠢ ᠠᠭᠤᠵᠢᠷᠠᠲᠠᠯ᠎ᠠ | ᠤᠶᠠᠩᠭᠠᠯᠠᠨ ᠢᠯᠡᠳᠬᠡᠵᠡᠶ᠃ | | | ᠰᠣᠨᠣᠰ︕ ᠨᠢᠵᠢᠭᠢᠨᠡᠭᠰᠡᠨ ᠬᠡᠩᠭᠡᠷᠭᠡ ᠶᠢᠨ ᠳᠠᠭᠤᠨ ᠬᠥᠮᠦᠰ ᠤᠨ ᠰᠡᠳᠬᠢᠯ ᠢ ᠬᠥᠭᠵᠢᠭᠡᠵᠦ᠂ ᠥᠯᠵᠡᠶᠢᠲᠦ | ᠡᠳᠦᠷ ᠤᠨ ᠪᠠᠶᠠᠷ ᠤᠨ ᠠᠭᠤᠷ ᠠᠮᠢᠰᠬᠤᠯ ᠢ ᠵᠤᠵᠠᠭᠠᠳᠬᠠᠵᠤ᠂ ᠰᠢᠨ᠎ᠡ ᠵᠢᠯ ᠤᠨ ᠪᠠᠶᠠᠷ ᠤᠨ ᠠᠭᠤᠷ ᠠᠮᠢᠰᠬᠤᠯ ᠢ | ᠬᠠᠩᠭᠢᠨᠠᠭᠤᠯᠵᠤ᠂ ᠰᠢᠨ᠎ᠡ ᠴᠠᠭ ᠦᠶ᠎ᠡ ᠶᠢᠨ ᠲᠤᠮᠤ ᠬᠥᠮᠥᠷᠭᠡ ᠶᠢᠨ ᠬᠤᠯᠪᠣᠭ᠎ᠠ ᠶᠢᠨ ᠮᠠᠭᠲᠠᠭᠠᠯ ᠳᠠᠭᠤᠤ ᠶᠢ ᠬᠠᠩᠭᠢᠨᠠᠭᠤᠯᠪᠠ | ︔ ︽ᠦᠵᠡᠭᠡᠴᠢ︕︾ ᠭᠡᠵᠦᠭᠤᠶᠢᠳᠠ ᠰᠠᠶᠢᠬᠠᠨ ᠪᠥᠵᠢᠭ ᠤᠨ ᠠᠯᠬᠤᠭ᠎ᠠ ᠨᠢ ᠥᠭᠡᠳᠡᠯᠡᠨ ᠲᠠᠪᠰᠢᠬᠤ ᠪᠠᠷ ᠬᠦᠴᠦᠯᠡᠨ | ᠴᠢᠷᠮᠠᠶᠢᠵᠤ᠂ ᠪᠦᠬᠦ ᠰᠢᠶᠠᠩ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ | ᠬᠠᠶᠢᠷ᠎ᠠ ᠰᠡᠳᠬᠢᠯᠭᠡ ᠶᠢ ᠬᠥᠪᠴᠢᠯᠡᠵᠦ᠂ ᠪᠦᠬᠦ ᠰᠢᠶᠠᠩ ᠤᠨ ᠺᠠᠳ᠋ᠷ ᠤᠯᠠᠨ ᠲᠦᠮᠡᠨ ᠤ ᠰᠡᠳᠬᠢᠯ ᠢᠶᠠᠨ ᠨᠢᠭᠡᠳᠬᠡᠨ | ᠬᠦᠴᠦᠨ ᠢᠶᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠬᠦ ᠰᠢᠨ᠎ᠡ ᠠᠮᠢᠵᠢᠷᠠᠯ ᠤᠨ ᠬᠦᠴᠦᠨ ᠢ ᠬᠥᠪᠴᠢᠯᠡᠪᠡ᠃ | ᠨᠤᠲᠤᠭ ᠤᠨ ᠠᠭᠤᠷ ᠠᠮᠢᠰᠬᠤᠯ ᠪᠠ ᠴᠠᠭᠠᠨ ᠰᠠᠷ᠎ᠠ ᠶᠢᠨ ᠦᠨᠦᠷ ᠬᠠᠩᠬᠤᠯᠤᠭᠰᠠᠨ ᠶᠠᠩᠭᠠᠷ ᠪᠥᠵᠢᠭ ᠤᠨ ᠠᠩᠬᠢ ᠶᠢᠨ | ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠲᠤᠬᠠᠢ ᠶᠢᠨ ᠲᠠᠯᠠᠪᠠᠢ ᠶᠢᠨ ᠬᠦᠷ | ᠬᠥᠭᠵᠢᠶᠡᠨᠲᠦ ᠠᠭᠤᠷ ᠠᠮᠢᠰᠬᠤᠯ ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠤᠯᠠᠨ ᠲᠦᠮᠡᠨ ᠢ | ᠨᠥᠯᠥᠭᠡᠯᠡᠪᠡ᠃ ᠤᠯᠠᠨ ᠢᠶᠠᠷ ᠢᠶᠠᠨ ᠭᠠᠷ ᠤᠲᠠᠰᠤ ᠪᠠᠷ ᠲᠣᠭᠲᠠᠭᠠᠭᠰᠠᠨ ᠡᠨᠡᠬᠦ ᠬᠦᠷ ᠨᠠᠷᠭᠢᠶᠠᠨ ᠲᠠᠢ ᠵᠢᠷᠤᠭ ᠳᠦᠷᠰᠦ ᠨᠢ | ᠪᠦᠬᠦ ᠨᠤᠲᠤᠭ ᠢᠶᠠᠷ ᠢᠶᠠᠨ ᠪᠠᠶᠠᠷ ᠬᠦᠷ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠤᠯᠠᠮ ᠵᠤᠵᠠᠭᠠᠳᠬᠠᠬᠤ ᠪᠠᠷ | ᠪᠣᠯᠵᠣᠭᠰᠠᠨ ᠶᠤᠮ᠃ | | | ᠭᠡᠷ ᠬᠤᠲᠠᠯᠠᠭᠠᠷ ᠤᠨ ᠳ᠋ᠧᠩ ᠤᠨ ᠭᠡᠷᠡᠯ ᠳᠤ ᠬᠠᠮᠤᠭ ᠤᠨ ᠳᠤᠯᠠᠭᠠᠨ ᠭᠠᠵᠠᠷ᠂ ᠬᠥᠮᠦᠰ ᠤᠨ ᠬᠤᠭᠤᠷᠣᠨᠳᠣᠬᠢ | ᠦᠢᠮᠡᠭᠡᠨ ᠳᠤ ᠬᠠᠮᠤᠭ ᠤᠨ ᠪᠠᠶᠠᠷ ᠲᠠᠢ᠃ ᠲᠤᠰ ᠤᠳᠠᠭ᠎ᠠ ᠶᠢᠨ ᠤᠷᠠᠨ ᠰᠠᠶᠢᠬᠠᠨ ᠤ ᠲᠣᠭᠯᠠᠯᠲᠠ ᠳᠤ᠂ ᠡᠯ᠎ᠡ | ᠲᠣᠭᠯᠠᠯᠲᠠ ᠳᠤ ᠣᠷᠣᠯᠴᠠᠭᠰᠠᠨ ᠡᠩᠨᠡᠭᠡ ᠶᠢᠨ ᠬᠢᠨ ᠣᠷᠭᠢᠯᠤᠮ᠎ᠠ ᠬᠠᠯᠠᠭᠤᠨ ᠰᠡᠳᠬᠢᠯᠭᠡ᠂ ᠭᠤᠶᠢᠳᠠ ᠰᠠᠶᠢᠬᠠᠨ | ᠲᠣᠭᠯᠠᠯᠲᠠ ᠪᠠᠷ ᠢᠶᠠᠨ ᠪᠦᠬᠦ ᠰᠢᠶᠠᠩ ᠤᠨ ᠠᠷᠠᠳ ᠲᠦᠮᠡᠨ ᠳᠤ ᠨᠢᠭᠡᠨ ᠲᠠᠩᠰᠤᠭ ᠰᠠᠶᠢᠬᠠᠨ ᠰᠣᠶᠣᠯ ᠤᠨ ᠬᠤᠭᠤᠯᠠ | ᠬᠦᠷᠭᠡᠵᠡᠢ᠃ ᠮᠠᠨ ᠤ ᠰᠢᠶᠠᠨ ᠤ ᠶᠡᠭᠡ ᠬᠦᠷᠢᠶ᠎ᠡ ᠰᠢᠶᠠᠩ ᠬᠥᠳᠡᠭᠡ ᠲᠣᠰᠬᠤᠨ ᠤ ᠰᠣᠶᠣᠯ ᠤᠨ ᠣᠨᠴᠠᠯᠢᠭ ᠢ ᠦᠷᠭᠦᠯᠵᠢᠯᠡᠨ | ᠭᠦᠨᠵᠡᠭᠡᠢ ᠠᠭᠤᠳᠠᠯᠵᠤ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ | ᠤᠯᠠᠨ ᠲᠦᠮᠡᠨ ᠳᠤ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠶᠢᠨ ᠠᠪᠴᠢᠷᠠᠭᠰᠠᠨ ᠵᠣᠯ ᠵᠢᠷᠭᠠᠯᠲᠤ ᠠᠮᠢᠳᠤᠷᠠᠯ ᠢ | ᠦᠨᠡᠨᠬᠦ ᠡᠳ᠋ᠯᠡᠭᠦᠯᠵᠦ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠨ᠎ᠡ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |