ᠸᠠᠩ ᠬᠤᠢ ᠢᠦᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/7
     2 ᠰᠠᠷ᠎ᠠ ᠶᠢᠨ 6᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 2023 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠨᠠᠮ ᠤᠨ ᠭᠠᠳᠠᠨᠠᠬᠢ ᠬᠥᠮᠦᠰ ᠲᠠᠢ ᠶᠠᠷᠢᠯᠴᠠᠬᠤ ᠶᠢᠨ ᠬᠠᠮᠲᠤ ᠴᠠᠭᠠᠨ ᠰᠠᠷ᠎ᠠ ᠶᠢ ᠬᠠᠮᠲᠤᠪᠠᠷ ᠤᠭᠲᠤᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2023 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠣᠯᠤᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ︽ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ︾᠎ ᠶᠢ ᠤᠯᠠᠮᠵᠢᠯᠠᠨ ᠰᠤᠷᠤᠯᠴᠠᠪᠠ︔ ︽2023 ᠣᠨ ᠤ ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠡᠷᠡᠭᠵᠢᠭᠦᠯᠬᠦ ᠲᠥᠰᠦᠯ︾᠂ ︽ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠮᠡᠳᠡᠭᠦᠯᠦᠯᠲᠡ︾᠎ ᠶᠢ ᠬᠢᠨᠠᠨ ᠶᠠᠷᠢᠯᠴᠠᠵᠤ ᠪᠠᠲᠤᠯᠠᠪᠠ᠃      ᠸᠠᠩ ᠬᠤᠢ ᠢᠦᠶ ᠵᠢᠭᠠᠵᠤ ᠭᠠᠷᠭᠠᠭᠰᠠᠨ ᠨᠢ᠂ ᠡᠬᠢᠯᠡᠯᠲᠡ ᠶᠢ ᠠᠮᠵᠢᠨ ᠠᠳᠬᠤᠵᠤ᠂ ᠣᠷᠣᠨ ᠳᠡᠪᠰᠢᠬᠦ ᠪᠠᠷ ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠬᠤᠳᠠᠯᠳᠤᠭᠠᠴᠢᠨ ᠤᠷᠢᠬᠤ᠂ ᠪᠥᠲᠥᠭᠡᠨ ᠪᠠᠶᠢᠭᠤᠯᠤᠯᠲᠠ ᠬᠢᠬᠦ ᠶᠢ ᠪᠥᠬᠦ ᠬᠦᠴᠦᠨ ᠢᠶᠠᠷ ᠢᠶᠠᠨ ᠠᠳᠬᠤᠵᠤ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠥᠲᠥᠭᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠤᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠡᠷᠲᠡ ᠠᠴᠠ ᠬᠦᠴᠦᠯᠡᠵᠦ᠂ ᠲᠦᠷᠭᠡᠨ ᠬᠥᠳᠡᠯᠦᠯᠴᠡᠵᠦ᠂ ᠡᠬᠢᠯᠡᠯᠲᠡ ᠶᠢ ᠵᠠᠪᠳᠤᠨ᠂ ᠤᠷᠢᠳᠠᠪᠠᠷ ᠣᠷᠣᠨ ᠳᠡᠪᠰᠢᠬᠦ ᠪᠠᠷ ᠴᠢᠷᠮᠠᠶᠢᠵᠤ ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠦᠨᠡᠨ ᠬᠦ ᠪᠡᠶᠡᠯᠡᠭᠦᠯᠵᠦ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃      ᠸᠠᠩ ᠬᠤᠢ ᠢᠦᠢ ᠴᠢᠩᠭᠠᠳᠬᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠲᠦᠷᠭᠡᠨ ᠣᠷᠣᠭᠤᠯᠬᠤ︾ ᠳᠠᠷᠤᠪᠴᠢ ᠶᠢ ᠳᠠᠷᠤᠵᠤ᠂ ᠥᠷᠯᠥᠭᠡ ᠦᠳᠡᠰᠢ ᠶᠢ ᠲᠡᠮᠡᠴᠡᠨ ᠲᠦᠷᠦᠯ ᠵᠦᠢᠯ ᠢ ᠰᠢᠪᠲᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠬᠤᠷᠳᠤᠴᠠ︾᠎ ᠶᠢ ᠨᠡᠮᠡᠭᠳᠡᠭᠦᠯᠬᠦ ᠬᠡᠷᠡᠭᠲᠡᠢ︔ ᠰᠢᠨᠲᠠᠷᠠᠰᠢ ᠦᠭᠡᠢ ᠴᠢᠷᠮᠠᠶᠢᠵᠤ ᠪᠠᠶᠢᠭᠠᠳ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠬᠠᠮ ᠠᠷᠭ᠎ᠠ ᠪᠤᠳᠤᠯᠭ᠎ᠠ︾᠎ ᠶᠢ ᠰᠠᠶᠢᠲᠤᠷ ᠬᠡᠷᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠳᠣᠲᠣᠨᠣᠴᠢᠯᠠᠬᠤ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ᠸᠠᠩ ᠬᠤᠢ ᠢᠦᠶ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾᠎ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾᠎ ᠶᠢ ᠦᠨᠡᠨᠬᠦ ᠨᠠᠮ ᠢ ᠬᠠᠮᠢᠶᠠᠷᠴᠤ ᠨᠠᠮ ᠢ ᠵᠠᠰᠠᠬᠤ ᠪᠣᠳᠠᠲᠠᠶ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠎ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠠᠵᠤ ᠠᠬᠤᠶ︾᠎ ᠶᠢ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠥᠲᠥᠭᠡᠨ ᠪᠠᠶᠢᠭᠤᠯᠵᠤ᠂ ᠪᠥᠬᠦ ᠬᠡᠯᠬᠢᠶ᠎ᠡ ᠶᠢᠨ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠬᠢᠨᠠᠯᠲᠠ ᠶᠢ ᠭᠦᠨᠵᠡᠭᠡᠶ ᠥᠷᠨᠢᠭᠦᠯᠵᠦ᠂ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠶᠢ ᠦᠨᠡᠨᠬᠦ ᠬᠠᠩᠭᠠᠬᠤ ᠬᠡᠷᠡᠭᠲᠡᠶ᠃      ᠯᠢ ᠺᠠᠶ ᠳ᠋ᠦᠩ᠂ ᠵᠣᠣ ᠷᠦᠢ᠂ ᠶᠠᠩ ᠵᠧᠨ ᠳ᠋ᠦᠩ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3