ᠰᠢᠩ ᠾᠧ ᠰᠢᠶᠠᠨ 2023 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠎ ᠶᠢᠨ ᠲᠣᠭᠤᠷᠢᠨ ᠠᠵᠢᠯᠲᠠᠨ ᠡᠯᠰᠡᠬᠦ ᠴᠤᠭᠯᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/7
     ᠬᠠᠪᠤᠷ ᠤᠨ ᠤᠯᠠᠷᠢᠯ ᠤᠨ ᠤᠷᠢᠵᠤ ᠡᠯᠰᠡᠬᠦ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ᠂ ᠠᠵᠢᠯ ᠤᠯᠬᠤ ᠳᠤ ᠬᠦᠴᠢᠷᠲᠡᠢ ᠬᠥᠮᠦᠰ ᠵᠡᠷᠭᠡ ᠬᠥᠳᠡᠯᠮᠦᠷᠢᠴᠢᠳ ᠢ ᠲᠥᠪᠯᠡᠷᠡᠭᠦᠯᠦᠨ ᠬᠠᠪᠰᠤᠷᠤᠨ ᠲᠡᠳᠬᠦᠵᠦ ᠭᠦᠢᠴᠡᠳ ᠠᠵᠢᠯ ᠣᠯᠭᠤᠵᠤ᠂ ᠬᠥᠳᠡᠯᠮᠦᠷᠢᠴᠢᠳ ᠤᠨ ᠠᠵᠢᠯ ᠡᠷᠢᠵᠦ ᠠᠵᠢᠯ ᠤᠯᠬᠤ ᠪᠠ ᠬᠥᠮᠦᠨ ᠬᠡᠷᠡᠭᠯᠡᠬᠦ ᠨᠢᠭᠡᠴᠢ ᠶᠢᠨ ᠠᠵᠢᠯᠴᠢᠨ ᠤᠷᠢᠵᠤ ᠬᠡᠷᠡᠭᠯᠡᠬᠦ ᠳᠤ ᠲᠠᠪᠴᠠᠩ ᠪᠠᠶᠢᠭᠤᠯᠵᠤ᠂ ᠲᠣᠭᠲᠠᠭᠤᠨ ᠢᠶᠠᠷ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠣᠯᠤᠨ᠎ᠠ᠃ ᠣᠶᠢᠷ᠎ᠠ ᠳᠤ᠂ ᠰᠢᠩ ᠾᠧ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠳ᠋ᠢᠶᠠᠨ ᠽᠢ ᠪᠠᠯᠭᠠᠰᠤ᠂ ᠰᠠᠶᠢᠬᠤᠰᠤ ᠪᠠᠯᠭᠠᠰᠤᠨ ᠳᠤ ︽ᠲᠣᠭᠤᠷᠢᠨ ᠤᠷᠢᠵᠤ ᠠᠵᠢᠯ ᠣᠯᠭᠤᠯᠲᠠ ᠶᠢ ᠠᠬᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠬᠥᠭᠵᠢᠯᠲᠡ ᠶᠢ ᠡᠷᠢᠯᠬᠢᠯᠡᠬᠦ︾᠎ ᠪᠠᠷ ᠭᠤᠤᠯ ᠰᠡᠳᠦᠪ ᠪᠣᠯᠭᠠᠭᠰᠠᠨ 2023 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠎ ᠶᠢᠨ ᠲᠣᠭᠤᠷᠢᠨ ᠤᠷᠢᠵᠤ ᠡᠯᠰᠡᠬᠦ ᠴᠤᠭᠯᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠪᠡ᠃
     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠤᠨ᠂ ᠠᠵᠢᠯᠴᠢᠨ ᠬᠡᠷᠡᠭᠯᠡᠬᠦ ᠨᠢᠭᠡᠴᠡ ᠪᠣᠯᠤᠨ ᠠᠵᠢᠯ ᠡᠷᠢᠭᠰᠡᠳ ᠲᠠᠢ ᠨᠢᠭᠤᠷᠲᠠᠨ᠂ ᠥᠴᠦᠬᠡᠨ ᠴᠦ ᠵᠠᠶ ᠥᠬᠡᠶ ᠰᠣᠯᠢᠯᠴᠠᠬᠤ ᠶᠢ ᠪᠡᠶᠡᠯᠡᠭᠦᠯᠵᠦ᠂ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠲᠠᠢ ᠠᠵᠢᠯ ᠡᠷᠢᠭᠰᠡᠳ ᠲᠤ ᠠᠵᠢᠯ ᠤᠨ ᠪᠠᠶᠢᠷᠢ ᠬᠠᠩᠭᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠪᠠ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠤ ᠰᠢᠯᠵᠢᠵᠦ ᠠᠵᠢᠯ ᠤᠯᠬᠤ ᠶᠢ ᠠᠬᠢᠭᠤᠯᠬᠤ ᠪᠣᠯᠤᠨ᠎ᠠ ᠃ ᠡᠭᠦᠨ ᠤ ᠬᠠᠮᠲᠤ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠱᠠᠩᠨᠠᠯ ᠨᠥᠬᠦᠪᠥᠷᠢ᠂ ᠬᠥᠳᠡᠯᠮᠦᠷᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ᠂ ᠦᠢᠯᠡᠰ ᠪᠤᠰᠬᠠᠬᠤ ᠵᠢᠭᠡᠯᠡᠯᠭᠡ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠤᠬᠠᠭᠤᠯᠪᠠ᠃
     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 49 ᠠᠵᠤ ᠠᠬᠤᠶᠢᠯᠠᠯ ᠤᠨ ᠠᠩᠬᠠᠷᠤᠯ ᠢ ᠲᠠᠲᠠᠵᠤ ᠂ ᠡᠭᠦᠨ ᠤ ᠳᠣᠲᠣᠷ᠎ᠠ ᠪᠡᠭᠡᠵᠢᠩ ᠤᠨ 37 ᠠᠵᠤ ᠠᠬᠤᠶᠢᠯᠠᠯ ᠪᠠᠶᠢᠵᠤ᠂ 233 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ︔ ᠰᠢᠩ ᠾᠧ ᠰᠢᠶᠠᠨ ᠤ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠠᠬᠤᠶᠢᠯᠠᠯ 12 ᠪᠠᠶᠢᠵᠤ᠂ 46 ᠠᠵᠢᠯ ᠤᠨ ᠪᠠᠶᠢᠷᠢ ᠬᠠᠩᠭᠠᠵᠤ᠂ ᠨᠡᠶᠢᠲᠡ 936 ᠠᠵᠢᠯ ᠤᠨ ᠪᠠᠶᠢᠷᠢ ᠡᠯᠰᠡᠬᠦ ᠪᠠᠷ ᠲᠥᠯᠥᠪᠯᠡᠵᠦ ᠪᠣᠶ᠂ ᠡᠨᠡ ᠨᠢ ᠲᠠᠷᠢᠶᠠᠯᠠᠩ ᠮᠠᠯ ᠠᠵᠤ ᠠᠬᠤᠶ᠂ ᠵᠣᠴᠢᠳ ᠤᠨ ᠪᠠᠭᠤᠳᠠᠯ᠂ ᠪᠠᠷᠢᠯᠭ᠎ᠠ᠂ ᠮᠠᠰᠢᠨ ᠮᠧᠬᠠᠨᠢᠭ᠂ ᠺᠣᠮᠫᠢᠦ᠋ᠲ᠋ᠧᠷ᠂ ᠡᠮ ᠡᠮᠨᠡᠯᠭᠡ ᠡᠷᠡᠭᠦᠯ ᠬᠠᠮᠠᠭᠠᠯᠠᠯ᠂ ᠬᠢᠮᠢ ᠶᠢᠨ ᠠᠵᠤ  ᠦᠢᠯᠡᠳᠪᠦᠷᠢ᠂ ᠵᠠᠷ ᠮᠡᠳᠡᠭᠡᠨ ᠤ ᠵᠠᠭᠤᠴᠢᠯᠠᠭᠤᠷ ᠵᠡᠷᠭᠡ ᠠᠵᠢᠯ ᠲᠥᠷᠥᠯ ᠳᠤ ᠬᠤᠯᠪᠣᠭᠳᠠᠵᠤ᠂ ᠲᠠᠯᠠᠪᠠᠶ ᠳᠤ ᠣᠷᠣᠵᠤ ᠬᠤᠷᠠᠯ ᠳᠤ ᠣᠷᠣᠯᠴᠠᠭᠰᠠᠳ 1200 ᠭᠠᠷᠤᠶ ᠪᠠᠶᠢᠵᠤ᠂ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠠᠢ ᠪᠣᠯᠤᠭᠰᠠᠨ ᠨᠢ 72 ᠬᠥᠮᠦᠨ ᠪᠣᠯᠤᠨ᠎ᠠ᠃
     ᠠᠵᠢᠯᠲᠠᠨ ᠡᠯᠰᠡᠬᠦ ᠴᠤᠭᠯᠠᠭᠠᠨ ᠢ ᠥᠷᠨᠢᠭᠦᠯᠵᠦ ᠪᠠᠶᠢᠭ᠎ᠠ ᠬᠤᠭᠤᠴᠠᠭᠠᠨ ᠳᠤ ᠤᠬᠠᠭᠤᠯᠭ᠎ᠠ ᠶᠢᠨ ᠤᠷᠢᠶ᠎ᠠ ᠯᠣᠽᠦ᠋ᠩ 16 ᠨᠠᠭᠠᠵᠤ᠂ ᠤᠬᠠᠭᠤᠯᠭ᠎ᠠ ᠶᠢᠨ ᠪᠡᠯᠡ ᠮᠥᠩᠭᠦ 1500 ᠭᠠᠷᠤᠶ ᠬᠤᠪᠢ ᠲᠠᠷᠬᠠᠭᠠᠬᠤ ᠶᠢᠨ ᠬᠠᠮᠲᠤ ᠠᠵᠢᠯ ᠡᠷᠢᠭᠰᠡᠳ ᠲᠤ ᠠᠯᠴᠢᠭᠤᠷ᠂ ᠰᠠᠪᠤᠩ᠂ ᠶᠠᠭᠤᠣ᠂ ᠰᠢᠳᠦᠨ ᠱᠤᠸᠠᠰᠠ ᠵᠡᠷᠭᠡ ᠵᠢᠵᠢᠭ ᠪᠡᠯᠡᠭ ᠤᠨ ᠡᠳ᠋ 1000 ᠭᠠᠷᠤᠶ ᠬᠤᠪᠢ ᠲᠦᠭᠡᠭᠡᠵᠡᠶ      ᠬᠠᠪᠤᠷ ᠤᠨ ᠤᠯᠠᠷᠢᠯ ᠳᠤ ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠦᠷᠭᠦᠯᠵᠢᠯᠡᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢ  ᠦᠢᠯᠡᠳᠦᠯᠭᠡᠵᠢᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠬᠦᠨᠳᠦ ᠬᠡᠴᠡᠭᠦᠤ ᠪᠠᠶᠢᠳᠠᠯ ᠢ ᠢᠳᠡᠪᠬᠢᠲᠡᠶ ᠪᠠᠷ ᠠᠷᠭᠠᠴᠠᠬᠤ ᠶᠢ ᠬᠦᠴᠦᠯᠡᠨ ᠬᠠᠪᠰᠤᠷᠴᠤ᠂ ᠲᠡᠳᠡᠨ ᠳᠤ ᠨᠠᠩ ᠣᠯᠠᠨ ᠠᠵᠢᠯ ᠤᠯᠬᠤ ᠲᠣᠬᠢᠶᠠᠯ ᠬᠠᠩᠭᠠᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3