ᠡᠷᠳᠡᠨᠢ ᠪᠠᠯᠭᠠᠰᠤᠨ ᠤ ᠬᠤᠷᠢᠶ᠎ᠠ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/7
     2 ᠰᠠᠷ᠎ᠠ ᠶᠢᠨ 3᠎ ᠤ ᠡᠳᠦᠷ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠸᠠᠩ ᠯᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠡᠷᠳᠡᠨᠢ ᠪᠠᠯᠭᠠᠰᠤᠨ ᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠵᠢᠷᠭᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ 2021 ᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠬᠤᠷᠢᠶᠠᠨ ᠤ ᠭᠡᠰᠢᠭᠦᠳ ᠢ ᠲᠥᠯᠥᠭᠡᠯᠡᠨ ᠪᠠᠭ ᠤᠨ ᠬᠠᠷᠢᠴᠠᠭᠤᠯᠤᠯ ᠪᠠᠶᠢᠴᠠᠭᠠᠯᠲᠠ ᠬᠢᠵᠦ᠂ ᠡᠯ᠎ᠡ ᠨᠠᠮ ᠤᠨ ᠬᠤᠷᠢᠶᠠᠨ ᠤ ᠭᠡᠰᠢᠭᠦᠳ ᠳᠡᠰ ᠳᠠᠷᠠᠭ᠎ᠠ ᠲᠠᠢ ᠪᠠᠷ ᠬᠤᠪᠢ ᠬᠥᠮᠦᠨ ᠤ ᠬᠠᠷᠢᠴᠠᠭᠤᠯᠤᠯ ᠪᠠᠶᠢᠴᠠᠭᠠᠯᠲᠠ ᠬᠢᠬᠦ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠪᠡ᠃      ᠬᠤᠷᠠᠯ ᠳᠡᠭᠡᠷ᠎ᠡ᠂ ᠵᠢᠯᠣᠭᠤᠳᠬᠤ ᠳᠤᠭᠤᠶᠢᠯᠠᠩ ᠤᠨ ᠬᠢᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠭᠰᠠᠨ ᠤ ᠬᠠᠮᠲᠤ᠂ ᠬᠤᠷᠠᠯ ᠤᠨ ᠳᠠᠷᠠᠭ᠎ᠠ ᠢᠯᠡᠷᠡᠭᠦᠯᠦᠭᠰᠡᠨ ᠠᠰᠠᠭᠤᠳᠠᠯ ᠢ ᠬᠠᠷᠢᠴᠠᠭᠤᠯᠤᠨ ᠪᠠᠶᠢᠴᠠᠭᠠᠨ ᠳᠡᠯᠭᠡᠵᠦ᠂ ᠠᠰᠠᠭᠤᠳᠠᠯ ᠤᠨ ᠨᠠᠷᠢᠨ ᠳᠠᠩᠰᠠ ᠶᠢ ᠴᠠᠭ ᠲᠤᠬᠠᠢ ᠳᠤᠨᠢ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠵᠣᠬᠢᠶᠠᠯ︾᠎ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ      ᠪᠠᠯᠭᠠᠰᠤᠨ ᠤ ᠨᠠᠮ ᠤᠨ ᠬᠤᠷᠢᠶᠠᠨ ᠤ ᠱᠦᠵᠢ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠄ ᠨᠢᠭᠡ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠬᠤ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠶ᠃ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠤᠳᠤᠷᠢᠳᠬᠤ ᠪᠠᠭ ᠤᠨ ᠲᠤᠰ ᠪᠡᠶ᠎ᠡ ᠶᠢᠨ ᠠᠰᠠᠭᠤᠳᠠᠯ ᠢᠶᠠᠨ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠬᠤᠶᠠᠷ ᠲᠤ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠰᠤᠷᠤᠯᠴᠠᠯᠭ᠎ᠠ ᠶᠢ ᠴᠢᠬᠤᠯᠠ ᠪᠠᠶᠢᠷᠢᠨ ᠳᠤ ᠲᠠᠯᠪᠢᠵᠤ᠂ ᠭᠤᠣᠯᠯᠠᠬᠤ ᠠᠭᠤᠯᠤᠭᠳᠠᠬᠤᠨ ᠪᠠ ᠦᠨᠳᠦᠰᠦᠨ ᠠᠷᠭ᠎ᠠ ᠪᠤᠳᠤᠯᠭ᠎ᠠ ᠶᠢ ᠭᠦᠨᠵᠡᠭᠡᠢ ᠣᠶᠢᠯᠠᠭᠠᠵᠤ᠂ ᠮᠡᠳᠡᠬᠦᠢ ᠬᠢᠬᠦᠢ ᠶᠢ ᠨᠢᠭᠡᠳᠬᠡᠬᠦ ᠬᠡᠷᠡᠭᠲᠡᠢ︔ ᠭᠤᠷᠪᠠ ᠳᠤ᠂ ᠴᠢᠷᠮᠠᠶᠢᠨ ᠠᠵᠢᠯᠯᠠᠵᠤ ᠦᠢᠯᠡᠰ ᠪᠤᠰᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠪᠦᠬᠦᠨ ᠴᠥᠮ ︽ᠪᠠᠷᠢᠯᠭ᠎ᠠ ᠶᠢᠨ ᠠᠩᠬᠢ ᠶᠢᠨ ᠳᠠᠷᠤᠭ᠎ᠠ︾ ᠪᠤᠯᠵᠤ᠂ ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠣᠷᠣᠯᠴᠠᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ ᠶᠢ ᠲᠡᠷᠡ ᠶᠣᠰᠣᠭᠠᠷ ᠨᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠤᠬᠠᠮᠰᠠᠷ ᠠᠴᠠ ᠪᠠᠨ ᠬᠠᠮᠤᠭ ᠤᠨ ᠬᠦᠨᠳᠦ ᠡᠭᠦᠷᠭᠡ ᠶᠢ ᠡᠭᠦᠷᠭᠡᠯᠡᠵᠦ᠂ ᠬᠠᠮᠤᠭ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠠᠯᠭᠠᠰᠤ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3