2 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠰᠢᠶᠠᠨ ᠤ | ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 2023 ᠣᠨ ᠤ | ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠨᠠᠮ ᠤᠨ ᠭᠠᠳᠠᠨᠠᠬᠢ ᠬᠥᠮᠦᠰ ᠲᠠᠢ ᠶᠠᠷᠢᠯᠴᠠᠬᠤ ᠶᠢᠨ ᠬᠠᠮᠲᠤ | ᠴᠠᠭᠠᠨ ᠰᠠᠷ᠎ᠠ ᠶᠢ ᠬᠠᠮᠲᠤᠪᠠᠷ ᠤᠭᠲᠤᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2023 ᠣᠨ ᠤ | ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ | ᠪᠣᠯᠤᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ︽ᠲᠥᠪ ᠬᠤᠷᠢᠶᠠᠨ ᠤ ᠨᠠᠢᠮᠠᠨ | ᠵᠤᠷᠪᠤᠰ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠰᠤᠷᠲᠠᠯ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢ ᠤᠯᠠᠮᠵᠢᠯᠠᠨ ᠰᠤᠷᠤᠯᠴᠠᠪᠠ︔ ︽2023 | ᠣᠨ ᠤ ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠡᠷᠡᠭᠵᠢᠭᠦᠯᠬᠦ ᠲᠥᠰᠦᠯ︾᠂ ︽ | ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠮᠡᠳᠡᠭᠦᠯᠦᠯᠲᠡ︾ ᠶᠢ ᠬᠢᠨᠠᠨ ᠶᠠᠷᠢᠯᠴᠠᠵᠤ ᠪᠠᠲᠤᠯᠠᠪᠠ᠃ | ᠸᠠᠩ ᠬᠤᠢ ᠢᠦᠶ ᠵᠢᠭᠠᠵᠤ ᠭᠠᠷᠭᠠᠭᠰᠠᠨ ᠨᠢ᠂ ᠡᠬᠢᠯᠡᠯᠲᠡ ᠶᠢ ᠠᠮᠵᠢᠨ ᠠᠳᠬᠤᠵᠤ᠂ ᠣᠷᠣᠨ ᠳᠡᠪᠰᠢᠬᠦ ᠪᠠᠷ | ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠬᠤᠳᠠᠯᠳᠤᠭᠠᠴᠢᠨ ᠤᠷᠢᠬᠤ᠂ ᠪᠥᠲᠥᠭᠡᠨ ᠪᠠᠶᠢᠭᠤᠯᠤᠯᠲᠠ | ᠬᠢᠬᠦ ᠶᠢ ᠪᠥᠬᠦ ᠬᠦᠴᠦᠨ ᠢᠶᠠᠷ ᠢᠶᠠᠨ ᠠᠳᠬᠤᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠥᠲᠥᠭᠡᠨ ᠪᠠᠶᠢᠭᠤᠯᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠤᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠡᠷᠲᠡ ᠠᠴᠠ | ᠬᠦᠴᠦᠯᠡᠵᠦ᠂ ᠲᠦᠷᠭᠡᠨ ᠬᠥᠳᠡᠯᠦᠯᠴᠡᠵᠦ᠂ ᠡᠬᠢᠯᠡᠯᠲᠡ ᠶᠢ ᠵᠠᠪᠳᠤᠨ᠂ ᠤᠷᠢᠳᠠᠪᠠᠷ ᠣᠷᠣᠨ ᠳᠡᠪᠰᠢᠬᠦ ᠪᠠᠷ ᠴᠢᠷᠮᠠᠶᠢᠵᠤ | ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ | ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠦᠨᠡᠨ ᠬᠦ ᠪᠡᠶᠡᠯᠡᠭᠦᠯᠵᠦ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ | ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ | ᠸᠠᠩ ᠬᠤᠢ ᠢᠦᠢ ᠴᠢᠩᠭᠠᠳᠬᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ | ᠠᠷᠠᠯᠵᠢᠶᠠᠴᠢᠨ ᠤᠷᠢᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ︽ᠲᠦᠷᠭᠡᠨ ᠣᠷᠣᠭᠤᠯᠬᠤ︾ ᠳᠠᠷᠤᠪᠴᠢ ᠶᠢ ᠳᠠᠷᠤᠵᠤ᠂ ᠥᠷᠯᠥᠭᠡ ᠦᠳᠡᠰᠢ ᠶᠢ ᠲᠡᠮᠡᠴᠡᠨ ᠲᠦᠷᠦᠯ ᠵᠦᠢᠯ ᠢ | ᠰᠢᠪᠲᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠬᠤᠷᠳᠤᠴᠠ︾ ᠶᠢ ᠨᠡᠮᠡᠭᠳᠡᠭᠦᠯᠬᠦ ᠬᠡᠷᠡᠭᠲᠡᠢ︔ | ᠰᠢᠨᠲᠠᠷᠠᠰᠢ ᠦᠭᠡᠢ ᠴᠢᠷᠮᠠᠶᠢᠵᠤ ᠪᠠᠶᠢᠭᠠᠳ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ︽ᠬᠠᠮ ᠠᠷᠭ᠎ᠠ ᠪᠤᠳᠤᠯᠭ᠎ᠠ︾ ᠶᠢ ᠰᠠᠶᠢᠲᠤᠷ ᠬᠡᠷᠡᠭᠵᠢᠭᠦᠯᠵᠦ᠂ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠳᠣᠲᠣᠨᠣᠴᠢᠯᠠᠬᠤ ᠠᠭᠤᠷ ᠠᠮᠢᠰᠬᠤᠯ ᠢ ᠢᠳᠡᠪᠬᠢᠲᠡᠢ ᠪᠤᠢ | ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ᠃ | ᠸᠠᠩ ᠬᠤᠢ ᠢᠦᠶ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ | ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠨᠠᠮ ᠢ ᠬᠠᠮᠢᠶᠠᠷᠴᠤ ᠨᠠᠮ ᠢ | ᠵᠠᠰᠠᠬᠤ ᠪᠣᠳᠠᠲᠠᠶ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ | ᠲᠥᠪᠯᠡᠷᠡᠭᠦᠯᠦᠨ᠂ ︽ᠲᠠᠪᠤᠨ ᠶᠡᠭᠡ ᠠᠵᠤ ᠠᠬᠤᠶ︾ ᠶᠢ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ | ᠲᠣᠭᠤᠷᠢᠭ︾ ᠢ ᠪᠥᠲᠥᠭᠡᠨ ᠪᠠᠶᠢᠭᠤᠯᠵᠤ᠂ ᠪᠥᠬᠦ ᠬᠡᠯᠬᠢᠶ᠎ᠡ ᠶᠢᠨ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ | ᠬᠢᠨᠠᠯᠲᠠ ᠶᠢ ᠭᠦᠨᠵᠡᠭᠡᠶ ᠥᠷᠨᠢᠭᠦᠯᠵᠦ᠂ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ | ᠪᠠᠲᠤᠯᠠᠭ᠎ᠠ ᠶᠢ ᠦᠨᠡᠨᠬᠦ ᠬᠠᠩᠭᠠᠬᠤ ᠬᠡᠷᠡᠭᠲᠡᠶ᠃ | ᠯᠢ ᠺᠠᠶ ᠳ᠋ᠦᠩ᠂ ᠵᠣᠣ ᠷᠦᠢ᠂ ᠶᠠᠩ ᠵᠧᠨ ᠳ᠋ᠦᠩ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ | ᠬᠤᠷᠠᠯ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |