2 ᠰᠠᠷ᠎ᠠ ᠶᠢᠨ 3 ᠤ ᠡᠳᠦᠷ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠸᠠᠩ ᠯᠦ ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠢᠩ ᠾᠧ ᠰᠢᠶᠠᠨ ᠤ ᠡᠷᠳᠡᠨᠢ ᠪᠠᠯᠭᠠᠰᠤᠨ ᠤ 2022 ᠣᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠵᠢᠷᠭᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠬᠤᠷᠠᠯ ᠳᠤ | ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ 2021 ᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ | ᠲᠤᠰ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠬᠤᠷᠢᠶᠠᠨ ᠤ ᠭᠡᠰᠢᠭᠦᠳ ᠢ ᠲᠥᠯᠥᠭᠡᠯᠡᠨ ᠪᠠᠭ ᠤᠨ ᠬᠠᠷᠢᠴᠠᠭᠤᠯᠤᠯ | ᠪᠠᠶᠢᠴᠠᠭᠠᠯᠲᠠ ᠬᠢᠵᠦ᠂ ᠡᠯ᠎ᠡ ᠨᠠᠮ ᠤᠨ ᠬᠤᠷᠢᠶᠠᠨ ᠤ ᠭᠡᠰᠢᠭᠦᠳ ᠳᠡᠰ ᠳᠠᠷᠠᠭ᠎ᠠ ᠲᠠᠢ ᠪᠠᠷ ᠬᠤᠪᠢ ᠬᠥᠮᠦᠨ ᠤ ᠬᠠᠷᠢᠴᠠᠭᠤᠯᠤᠯ | ᠪᠠᠶᠢᠴᠠᠭᠠᠯᠲᠠ ᠬᠢᠬᠦ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠪᠡ᠃ | ᠬᠤᠷᠠᠯ ᠳᠡᠭᠡᠷ᠎ᠡ᠂ ᠵᠢᠯᠣᠭᠤᠳᠬᠤ ᠳᠤᠭᠤᠶᠢᠯᠠᠩ ᠤᠨ ᠬᠢᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠭᠦᠢᠴᠡᠳ ᠨᠤᠲᠠᠯᠠᠭᠰᠠᠨ ᠤ ᠬᠠᠮᠲᠤ᠂ ᠬᠤᠷᠠᠯ ᠤᠨ ᠳᠠᠷᠠᠭ᠎ᠠ ᠢᠯᠡᠷᠡᠭᠦᠯᠦᠭᠰᠡᠨ ᠠᠰᠠᠭᠤᠳᠠᠯ ᠢ ᠬᠠᠷᠢᠴᠠᠭᠤᠯᠤᠨ | ᠪᠠᠶᠢᠴᠠᠭᠠᠨ ᠳᠡᠯᠭᠡᠵᠦ᠂ ᠠᠰᠠᠭᠤᠳᠠᠯ ᠤᠨ ᠨᠠᠷᠢᠨ ᠳᠠᠩᠰᠠ ᠶᠢ ᠴᠠᠭ ᠲᠤᠬᠠᠢ ᠳᠤᠨᠢ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠵᠣᠬᠢᠶᠠᠯ︾ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ | ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠄ ᠨᠢᠭᠡ ᠳᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠬᠤ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠬᠦ | ᠬᠡᠷᠡᠭᠲᠡᠶ᠃ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠤᠳᠤᠷᠢᠳᠬᠤ ᠪᠠᠭ ᠤᠨ ᠲᠤᠰ | ᠪᠡᠶ᠎ᠡ ᠶᠢᠨ ᠠᠰᠠᠭᠤᠳᠠᠯ ᠢᠶᠠᠨ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ︔ ᠬᠤᠶᠠᠷ ᠲᠤ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ | ᠬᠡᠷᠡᠭᠲᠡᠶ᠃ ᠰᠤᠷᠤᠯᠴᠠᠯᠭ᠎ᠠ ᠶᠢ ᠴᠢᠬᠤᠯᠠ ᠪᠠᠶᠢᠷᠢᠨ ᠳᠤ ᠲᠠᠯᠪᠢᠵᠤ᠂ ᠭᠤᠣᠯᠯᠠᠬᠤ ᠠᠭᠤᠯᠤᠭᠳᠠᠬᠤᠨ ᠪᠠ ᠦᠨᠳᠦᠰᠦᠨ ᠠᠷᠭ᠎ᠠ | ᠪᠤᠳᠤᠯᠭ᠎ᠠ ᠶᠢ ᠭᠦᠨᠵᠡᠭᠡᠢ ᠣᠶᠢᠯᠠᠭᠠᠵᠤ᠂ ᠮᠡᠳᠡᠬᠦᠢ ᠬᠢᠬᠦᠢ ᠶᠢ ᠨᠢᠭᠡᠳᠬᠡᠬᠦ ᠬᠡᠷᠡᠭᠲᠡᠢ︔ ᠭᠤᠷᠪᠠ ᠳᠤ᠂ ᠴᠢᠷᠮᠠᠶᠢᠨ ᠠᠵᠢᠯᠯᠠᠵᠤ | ᠦᠢᠯᠡᠰ ᠪᠤᠰᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠪᠦᠬᠦᠨ | ᠴᠥᠮ ︽ᠪᠠᠷᠢᠯᠭ᠎ᠠ ᠶᠢᠨ ᠠᠩᠬᠢ ᠶᠢᠨ ᠳᠠᠷᠤᠭ᠎ᠠ︾ ᠪᠤᠯᠵᠤ᠂ ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠣᠷᠣᠯᠴᠠᠵᠤ | ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠨᠠᠮ ᠤᠨ | ᠬᠤᠷᠢᠶ᠎ᠡ᠂ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ ᠶᠢ ᠲᠡᠷᠡ ᠶᠣᠰᠣᠭᠠᠷ ᠨᠢ ᠰᠠᠶᠢᠲᠤᠷ ᠬᠡᠷᠡᠭᠵᠢᠭᠦᠯᠬᠦ | ᠬᠡᠷᠡᠭᠲᠡᠢ᠃ ᠤᠬᠠᠮᠰᠠᠷ ᠠᠴᠠ ᠪᠠᠨ ᠬᠠᠮᠤᠭ ᠤᠨ ᠬᠦᠨᠳᠦ ᠡᠭᠦᠷᠭᠡ ᠶᠢ ᠡᠭᠦᠷᠭᠡᠯᠡᠵᠦ᠂ ᠬᠠᠮᠤᠭ ᠤᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠠᠯᠭᠠᠰᠤ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠬᠡᠷᠡᠭᠲᠡᠢ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |