ᠴᠧᠩ ᠭᠤᠸᠠᠨ ᠪᠠᠯᠭᠠᠰᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/7
    2 ᠰᠠᠷ᠎ᠠ ᠶᠢᠨ 6 ᠤ ᠡᠳᠦᠷ᠂ ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠬᠤᠷᠠᠯᠳᠤᠵᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︿ᠬᠤᠶᠠᠷ ᠢ ᠲᠣᠭᠲᠠᠭᠠᠬᠤ﹀ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︿ᠲᠦᠷᠪᠡᠨ ᠤᠬᠠᠮᠰᠠᠷ﹀ ᠢᠶᠠᠨ ᠴᠢᠩᠭᠠᠳᠬᠠᠵᠤ᠂ ︿ᠲᠦᠷᠪᠡᠨ ᠢᠲᠡᠭᠡᠯ﹀ ᠢᠶᠠᠨ ᠪᠠᠲᠤᠳᠬᠠᠵᠤ᠂ ︿ᠬᠤᠶᠠᠷ ᠢ ᠬᠠᠮᠠᠭᠠᠯᠠᠬᠤ﹀ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠦ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ︾ ᠪᠠᠷ ᠭᠤᠣᠯ ᠰᠡᠳᠦᠪ ᠪᠣᠯᠭᠠᠭᠰᠠᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠠ ᠨᠢᠩ ᠬᠤᠷᠠᠯ ᠢ ᠡᠷᠭᠢᠯᠡᠵᠦ᠂ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠰᠢᠶᠠᠨ ᠤ ᠲᠠᠪᠤᠳᠤᠭᠠᠷ ᠰᠢᠪᠠᠳᠠᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠬᠤᠷᠠᠯ ᠠᠴᠠ ᠡᠮᠦᠨ᠎ᠡ᠂ ᠪᠠᠭ ᠤᠨ ᠪᠦᠷᠢᠯᠳᠦᠬᠦᠨ ᠨᠡᠷ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠨᠠᠷᠢᠨ ᠬᠢᠨᠠᠮᠠᠭᠠᠢ ᠬᠠᠷᠢᠴᠠᠭᠤᠯᠤᠨ ᠪᠠᠶᠢᠴᠠᠭᠠᠨ ᠦᠵᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠢᠬᠦ ᠳᠤ ᠭᠦᠢᠴᠡᠳ ᠪᠡᠯᠡᠳᠬᠡᠯ ᠬᠢᠵᠡᠢ᠃ ᠬᠤᠷᠠᠯ ᠠᠴᠠ ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠲᠣᠰ ᠤᠳᠠᠭᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠠ ᠨᠢᠩ ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠢ ᠬᠠᠷᠢᠴᠠᠭᠤᠯᠤᠨ ᠪᠠᠶᠢᠴᠠᠭᠠᠪᠠ᠃ ᠲᠠᠷᠠᠭ᠎ᠠ ᠨᠢ᠂ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠵᠦ᠂ ᠤᠯᠠᠨ ᠢᠶᠠᠷ ᠢᠶᠠᠨ ᠰᠡᠳᠬᠢᠯ ᠢᠶᠠᠨ ᠳᠡᠯᠭᠡᠨ᠂ ᠪᠦᠬᠦ ᠲᠠᠯ᠎ᠠ ᠪᠠᠷ ᠪᠠᠶᠢᠴᠠᠭᠠᠨ ᠳᠡᠯᠭᠡᠵᠦ᠂ ᠬᠥᠮᠦᠨ ᠪᠠ ᠬᠡᠷᠡᠭ ᠶᠠᠪᠤᠳᠠᠯ ᠢ ᠦᠵᠡᠵᠦ᠂ ᠨᠢᠭᠤᠷ ᠤᠯᠠᠶᠢᠯᠭᠠᠨ ᠬᠥᠯᠥᠰᠥ ᠭᠠᠷᠭᠠᠵᠤ᠂ ᠦᠵᠡᠯ ᠰᠠᠨᠠᠭ᠎ᠠ ᠪᠠᠨ ᠰᠣᠯᠢᠯᠴᠠᠵᠤ᠂ ᠴᠢᠭᠯᠡᠯ ᠢᠶᠠᠨ ᠲᠣᠳᠣᠷᠬᠠᠶᠢᠯᠠᠵᠤ᠂ ᠪᠦᠯᠬᠦᠮᠳᠡᠯ ᠢᠶᠠᠨ ᠴᠢᠩᠭᠠᠳᠬᠠᠨ᠂ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠢᠶᠠᠨ ᠨᠢᠭᠲᠠᠷᠠᠭᠤᠯᠵᠤ᠂ ᠪᠦᠯᠬᠦᠮᠳᠡᠨ ᠡᠷᠴᠢ ᠵᠣᠷᠢᠭ ᠢᠶᠠᠨ ᠬᠥᠪᠴᠢᠯᠡᠵᠦ᠂ ᠬᠠᠷᠢᠯᠴᠠᠨ ᠬᠢᠨᠠᠯᠲᠠ ᠲᠠᠯᠪᠢᠵᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃      ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ᠦᠵᠡᠯ ᠰᠠᠨᠠᠭᠠᠨ ᠤ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ︽ᠤᠯᠤᠰ ᠤᠨ ᠲᠤᠮᠤ ᠬᠥᠮᠦᠰ︾ ᠢ ᠢᠮᠠᠭᠲᠠ ᠪᠠᠲᠤ ᠴᠡᠭᠡᠵᠢᠯᠡᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ  ᠬᠤᠷᠢᠶ᠎ᠡ ᠪᠣᠯᠤᠨ ᠮᠤᠵᠢ ᠬᠤᠳᠠ ᠰᠢᠶᠠᠨ ᠤ ᠨᠠᠮ ᠤᠨ ᠬᠤᠷᠢᠶ᠎ᠡ ᠶᠢᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠠᠯᠭᠠᠰᠤᠨ ᠤ ᠤᠳᠤᠷᠢᠳᠬᠤ ᠪᠠᠭ ᠤᠨ ᠬᠢᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠡᠭᠦᠰᠴᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠲᠣᠭᠲᠠᠴᠠ ᠶᠢᠨ ᠠᠭᠤᠰᠤᠯᠴᠠᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠠᠵᠢᠯ ᠤᠨ ᠴᠢᠭᠯᠡᠯ ᠪᠣᠯᠤᠨ ᠡᠭᠦᠷᠭᠡ ᠪᠠᠨ ᠲᠣᠳᠣᠷᠬᠠᠶᠢᠯᠠᠵᠤ᠂ ᠬᠤᠳᠠ ᠶᠢᠨ ᠪᠣᠭᠤᠮᠲᠠ ᠪᠠᠯᠭᠠᠰᠤ ᠶᠢᠨ ᠬᠥᠭᠵᠢᠯᠲᠡ ᠶᠢ ᠨᠡᠩ ᠶᠡᠭᠡ ᠪᠠᠶᠢᠷᠢᠰᠢᠯ ᠪᠣᠯᠤᠨ ᠬᠠᠷᠠᠭᠠᠰᠤ ᠳᠡᠭᠡᠷ᠎ᠡ ᠲᠠᠯᠪᠢᠵᠤ ᠬᠠᠷᠢᠴᠠᠭᠤᠯᠬᠤ ᠪᠠ ᠬᠢᠨᠠᠨ ᠰᠢᠨᠵᠢᠵᠦ᠂ ︽ᠳ᠋ᠠ ᠮᠧᠢ ᠰᠢᠩ ᠡᡁᠧ︾ ᠶᠢ ᠪᠦᠳᠦᠭᠡᠨ ᠪᠠᠶᠢᠭᠤᠯᠬᠤ ᠳᠤ ᠨᠡᠩ ᠤᠯᠠᠨ ᠬᠤᠳᠠ ᠶᠢᠨ ᠪᠣᠭᠤᠮᠲᠠ ᠶᠢᠨ ᠬᠦᠴᠦᠨ ᠢ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠭᠤᠷᠪᠠ ᠳᠤ᠂ ᠠᠷᠠᠳ ᠲᠦᠮᠡᠨ ᠤ ᠲᠥᠯᠥᠭᠡ ᠵᠢᠳᠬᠦᠬᠦ ᠰᠡᠳᠬᠢᠯ ᠢ ᠡᠷᠡᠰ ᠭᠤᠶᠢᠪᠢᠰᠢ ᠦᠭᠡᠢ ᠪᠠᠲᠤᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ ︽ᠲᠦᠷᠦ ᠭᠦᠷᠦᠨ ᠪᠣᠯ ᠳᠠᠷᠤᠢ ᠠᠷᠠᠳ ᠲᠦᠮᠡᠨ᠂ ᠠᠷᠠᠳ ᠲᠦᠮᠡᠨ ᠪᠣᠯ ᠳᠠᠷᠤᠢ ᠲᠦᠷᠦ ᠭᠦᠷᠦᠨ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ᠂ ᠰᠡᠳᠬᠢᠯ ᠵᠣᠪᠠᠵᠤ ᠪᠠᠶᠢᠭ᠎ᠠ ᠶᠠᠪᠤᠳᠠᠯ᠂ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃      ᠰᠢᠶᠠᠨ ᠤ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠴᠧᠩ ᠭᠤᠸᠠᠨ ᠪᠠᠯᠭᠠᠰᠤᠨ ᠤ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠵᠤ᠂ ᠬᠤᠷᠠᠯ ᠤᠨ ᠪᠡᠯᠡᠳᠬᠡᠯ ᠭᠦᠢᠴᠡᠳ᠂ ᠲᠡᠰ ᠳᠠᠷᠠᠭᠠᠯᠠᠯ ᠨᠢ ᠴᠢᠩᠭ᠎ᠠ᠂ ᠠᠷᠠᠳᠴᠢᠯᠠᠯ ᠲᠠᠢ ᠪᠣᠳᠠᠲᠠᠢ ᠶᠢ ᠡᠷᠬᠢᠮᠯᠡᠭᠰᠡᠨ᠂ ᠬᠠᠷᠢᠴᠠᠭᠤᠯᠤᠨ ᠪᠠᠶᠢᠴᠠᠭᠠᠬᠤ ᠨᠢ ᠭᠦᠨᠵᠡᠭᠡᠢ᠂ ᠰᠢᠭᠦᠮᠵᠢᠯᠡᠯ ᠥᠷᠨᠢᠭᠦᠯᠬᠦ ᠨᠢ ᠲᠥᠪ ᠴᠢᠩᠭ᠎ᠠ ᠨᠠᠷᠢᠨ ᠬᠢᠨᠠᠮᠠᠭᠠᠢ᠂ ᠬᠠᠯᠠᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠨᠢ ᠦᠨᠡᠨᠬᠦ ᠪᠦᠲᠦᠮᠵᠢᠲᠡᠢ ᠪᠠᠶᠢᠵᠤ᠂ ᠨᠢᠭᠡ ᠤᠳᠠᠭ᠎ᠠ ᠶᠢᠨ ᠴᠢᠨᠠᠷ ᠰᠠᠶᠢᠲᠠᠢ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ᠎ᠠ ᠭᠡᠵᠦ ᠦᠵᠡᠪᠡ᠃ ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ᠬᠢᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠴᠧᠩ ᠭᠤᠸᠠᠨ ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠭᠠᠬᠤ ᠬᠡᠷᠡᠭᠲᠡᠢ᠃                                             ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3