ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ | ᠲᠤᠤᠱᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠠᠷᠠᠳ ᠤᠯᠠᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠤ᠂ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ | ᠲᠥᠯᠥᠭᠡ᠂ 1 ᠰᠠᠷ᠎ᠠ ᠶᠢᠨ 10 ᠤ ᠡᠳᠦᠷ᠂ ᠰᠢᠩ ᠡᡁᠧ ᠰᠢᠶᠠᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠬᠤᠣᠰ ᠤᠶᠠᠩᠭ᠎ᠠ ᠬᠦᠷᠭᠡᠬᠦ ᠠᠵᠢᠯᠯᠠᠭ᠎ᠠ ᠥᠷᠨᠢᠭᠦᠯᠵᠡᠢ᠃ | | | ᠳ᠋ᠢᠶᠠᠨ ᠽᠢ ᠪᠠᠯᠭᠠᠰᠤᠨ ᠤ ᠪᠠᠢ ᠵᠢᠶᠠ ᠶᠢᠩ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠣᠰ ᠤᠶᠠᠩᠭ᠎ᠠ | ᠪᠢᠴᠢᠬᠦ ᠰᠢᠷᠡᠭᠡᠨ ᠤ ᠡᠮᠦᠨ᠎ᠡ ᠲᠣᠰᠬᠤᠨ ᠤ ᠠᠷᠠᠳ ᠢᠶᠠᠷ ᠳᠦᠭᠦᠷᠴᠦ᠂ ᠤᠷᠠᠨ ᠪᠢᠴᠢᠯᠭᠡ ᠳᠤ ᠪᠠᠭ᠋ᠠᠲᠠᠢ ᠬᠥᠮᠦᠰ ᠤᠯᠠᠭᠠᠨ | ᠴᠠᠭᠠᠰᠤ ᠳᠡᠯᠭᠡᠵᠦ᠂ ᠪᠢᠷ ᠪᠡᠬᠡᠰ ᠲᠤ ᠳᠦᠷᠦᠵᠦ᠂ ᠨᠢᠭᠡ ᠯᠡ ᠠᠮᠢᠰᠬᠤᠭ᠎ᠠ ᠪᠠᠷ ᠪᠦᠲᠦᠭᠡᠵᠦ᠂ ᠪᠠᠶᠠᠷ ᠤᠨ ᠬᠤᠣᠰ | ᠤᠶᠠᠩᠭ᠎ᠠ ᠪᠣᠯᠤᠨ ᠭᠠᠯ ᠤᠯᠠᠭᠠᠨ ︽ᠪᠤᠶᠠᠨ︾ ᠦᠰᠦᠭ ᠤᠳ ᠢᠶᠠᠷ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠢᠶᠠᠨ | ᠲᠣᠰᠬᠤᠨ ᠤ ᠠᠷᠠᠳ ᠲᠤ ᠬᠦᠷᠭᠡᠵᠡᠢ᠃ | | | ᠲᠣᠰ ᠤᠳᠠᠭᠠᠨ ᠤ ᠠᠵᠢᠯᠯᠠᠭ᠎ᠠ ᠶᠢ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠭᠤᠤᠯᠯᠠᠨ | ᠡᠷᠭᠢᠯᠡᠵᠦ᠂ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠶ ᠬᠥᠮᠦᠰ ᠡᠯ᠎ᠡ ᠰᠢᠶᠠᠩ ᠪᠠᠯᠭᠠᠰᠤᠨ ᠳᠤ ᠭᠦᠨᠵᠡᠭᠡᠶᠢᠷᠡᠨ | ᠲᠣᠰᠬᠤᠨ ᠤ ᠠᠷᠠᠳ ᠲᠤ ᠴᠠᠭᠠᠨ ᠰᠠᠷ᠎ᠠ ᠶᠢᠨ ᠬᠤᠤᠰ ᠤᠶᠠᠩᠭ᠎ᠠ ᠪᠢᠴᠢᠵᠦ᠂ ᠲᠣᠰᠬᠤᠨ ᠤ ᠠᠷᠠᠳ ᠲᠤ ᠨᠣᠮ ᠰᠡᠳᠬᠦᠯ | ᠬᠦᠷᠭᠡᠬᠦ ᠠᠯᠪᠠᠨ ᠵᠢᠷᠤᠮ ᠤᠨ ᠠᠵᠢᠯᠯᠠᠭ᠎ᠠ ᠥᠷᠨᠢᠭᠦᠯᠦᠨ᠎ᠡ᠃ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ | ᠰᠠᠷ᠎ᠠ ᠶᠢᠨ ᠪᠠᠶᠠᠷ ᠤᠨ ᠠᠭᠤᠷ ᠠᠮᠢᠰᠬᠤᠯ ᠢ ᠪᠤᠢ ᠪᠣᠯᠭᠠᠵᠤ᠂ ᠠᠷᠠᠳ ᠤᠯᠠᠨ ᠤ ᠬᠠᠯᠠᠭᠤᠨ ᠬᠦᠷᠢᠶᠡᠯᠡᠯ ᠢ ᠤᠯᠪᠠ᠃ | ᠠᠵᠢᠯᠯᠠᠭ᠎ᠠ ᠳᠤ᠂ ᠪᠠᠢ ᠵᠢᠶᠠ ᠶᠢᠩ ᠪᠣᠯᠤᠨ ᠳ᠋ᠢᠶᠠᠨ ᠽᠢ ᠲᠣᠰᠬᠤᠨ ᠤ ᠠᠷᠠᠳ ᠤᠨ ᠵᠥᠪᠯᠡᠯ ᠳᠤ ᠨᠠᠶᠢᠳᠠ 34 ᠶᠠᠩᠭᠠᠷ ᠤᠨ | ᠬᠤᠪᠴᠠᠰᠤ᠂ 34 ᠬᠤᠣᠰ ᠶᠠᠩᠭᠠᠷ ᠤᠨ ᠳᠡᠪᠢᠭᠦᠷ᠂ 1 ᠲᠠᠯᠠᠪᠠᠢ ᠶᠢᠨ ᠪᠥᠵᠢᠭ ᠤᠨ ᠬᠦᠡᠭᠬᠢᠨᠡᠬᠦᠷ᠂ 1 ᠶᠠᠩᠭᠠᠷ ᠬᠠᠷᠠᠩᠭ᠎ᠠ | ᠬᠡᠩᠭᠡᠷᠭᠡ ᠴᠠᠩ᠂ 180 ᠳᠡᠪᠲᠡᠷ ᠰᠡᠳᠬᠦᠯ ᠢ ᠲᠦᠭᠡᠭᠡᠨ ᠥᠭᠴᠦ᠂ 1000 ᠭᠠᠷᠤᠢ ᠬᠤᠣᠰ ᠤᠶᠠᠩᠭ᠎ᠠ ᠬᠦᠷᠭᠡᠵᠡᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |