ᠰᠢᠩ ᠾᠧ ᠰᠢᠶᠠᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/8
     2 ᠰᠠᠷ᠎ᠠ ᠶᠢᠨ 7᠎ ᠤ ᠡᠳᠦᠷ᠂ ᠰᠢᠩ ᠡᡁᠧ ᠰᠢᠶᠠᠨ ᠤ ᠬᠢᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠢ ᠡᠷᠬᠢᠯᠡᠪᠡ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠲᠡᠷᠡ ᠡᠩ ᠲᠡᠷᠢᠭᠦᠨ ᠳᠤ ᠥᠩᠭᠡᠷᠡᠭᠰᠡᠨ ᠨᠢᠭᠡ ᠵᠢᠯ ᠤᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠲᠡᠷᠡ ᠵᠢᠭᠠᠵᠤ ᠭᠠᠷᠭᠠᠬᠤ ᠳᠠᠭᠠᠨ᠂ ᠪᠠᠶᠢᠳᠠᠯ ᠢ ᠡᠵᠡᠮᠳᠡᠬᠦ ᠬᠡᠷᠡᠭᠲᠡᠶ᠂ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠥᠬᠦ ᠣᠷᠣᠨ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠨᠡ ᠬᠦ ᠴᠢᠬᠤᠯᠠ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠶ︔ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠣᠪᠣᠷ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃      ᠸᠠᠩ ᠬᠤᠢ ᠢᠦᠢ ᠴᠢᠩᠭᠠᠳᠬᠠᠭᠰᠠᠨ ᠨᠢ᠂ ᠭᠤᠣᠯᠳᠠᠯᠭ᠎ᠠ ᠶᠢ ᠳᠤᠪᠤᠶᠢᠯᠭᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠸᠠᠩ ᠬᠤᠢ ᠢᠦᠢ᠂ ᠡᠷᠬᠡᠪᠰᠢ ᠭᠤᠣᠯᠳᠠᠯᠭ᠎ᠠ ᠪᠠᠨ ᠳᠤᠪᠤᠶᠢᠯᠭᠠᠵᠤ᠂ ᠠᠷᠭ᠎ᠠ  ᠬᠡᠮᠵᠢᠶ᠎ᠡ ᠪᠠᠨ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠶᠠᠰᠤ ᠴᠢᠨᠠᠷ ᠦᠷ᠎ᠡ ᠠᠰᠢᠭ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠭᠤᠣᠯ ᠰᠢᠪᠲᠤᠯᠬᠤ ᠴᠢᠭᠯᠡᠯ ᠤᠨ ᠲᠠᠯ᠎ᠠ ᠪᠠᠷ ︽ᠪᠣᠳᠠᠲᠠᠢ ᠬᠦᠴᠦ ᠣᠷᠣᠭᠤᠯᠵᠤ︾᠂ ᠠᠷᠭ᠎ᠠ ᠬᠡᠯᠪᠡᠷᠢ ᠶᠢᠨ ᠲᠠᠯ᠎ᠠ ᠪᠠᠷ ︽ᠰᠢᠨ᠎ᠡ ᠶᠢ ᠡᠭᠦᠳᠬᠦ ᠶᠢ ᠡᠷᠢᠯᠬᠢᠯᠡᠵᠦ︾᠂ ᠡᠯᠧᠮᠧᠨ᠋ᠲ ᠤᠨ ᠪᠠᠲᠤᠯᠠᠪᠤᠷᠢ ᠶᠢᠨ ᠲᠠᠯ᠎ᠠ ᠪᠠᠷ ︽ᠪᠣᠳᠠᠲᠠᠢ ᠠᠷᠭ᠎ᠠ ᠭᠠᠷᠭᠠᠬᠤ︾ ᠬᠡᠷᠡᠭᠲᠡᠢ︔ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠣᠯᠭᠠᠭᠤᠯᠵᠤ ᠭᠡᠷ᠎ᠡ ᠲᠣᠭᠲᠠᠬᠤ ᠶᠢ ᠰᠠᠶᠢᠲᠤᠷ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠵᠦ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠬᠡᠷᠡᠭᠲᠡᠢ︔ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠳᠡᠭᠡᠭᠰᠢᠯᠡᠭᠦᠯᠦᠨ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠪᠠᠶᠢᠬᠤ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠦᠷᠢᠨᠰᠢᠬᠦᠯᠵᠦ᠂ ᠭᠤᠤᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠷ ᠪᠠᠯᠠ ᠣᠷᠣᠭᠤᠯᠤᠭᠴᠢᠳ ᠤᠨ ᠢᠲᠡᠭᠡᠯ ᠢ ᠦᠨᠡᠨᠬᠦ ᠤᠯᠬᠤ ᠬᠡᠷᠡᠭᠲᠡᠶ᠃      ᠸᠠᠩ ᠬᠤᠢ ᠢᠦᠢ ᠱᠠᠭᠠᠷᠳᠠᠭᠰᠠᠨ ᠨᠢ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠷᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠠᠯᠵᠢᠶᠠᠴᠢᠨ ᠤᠷᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠴᠢᠩᠳᠠᠯᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠵᠤ᠂ ᠣᠳᠣᠬᠢᠴᠢᠯᠠᠯᠲᠠ ᠶᠢᠨ ᠬᠥᠭᠵᠢᠯ ᠮᠠᠨᠳᠤᠯ ᠢ ᠲᠦᠷᠭᠡᠳᠬᠡᠨ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ 2022 ᠣᠨ ᠤ ᠪᠥᠬᠦ ᠰᠢᠶᠠᠨ ᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ︔ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠲᠠᠰ ᠳᠠᠷᠠᠭᠠᠯᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠰᠢᠭᠦᠬᠦ ᠬᠤᠷᠢᠶ᠎ᠡ ᠪᠠᠶᠢᠴᠠᠭᠠᠬᠤ ᠬᠤᠷᠢᠶ᠎ᠡ ᠶᠢᠨ ︽ᠬᠤᠶᠠᠷ ᠳᠠᠷᠤᠭ᠎ᠠ︾᠂ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠢᠩ ᠡᡁᠧ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3