ᠰᠢᠩ ᠾᠧ ᠰᠢᠶᠠᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠬᠤᠣᠰ ᠤᠶᠠᠩᠭ᠎ᠠ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/8
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠠᠷᠠᠳ ᠤᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 10 ᠤ ᠡᠳᠦᠷ᠂ ᠰᠢᠩ ᠡᡁᠧ ᠰᠢᠶᠠᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠬᠤᠣᠰ ᠤᠶᠠᠩᠭ᠎ᠠ ᠬᠦᠷᠭᠡᠬᠦ ᠠᠵᠢᠯᠯᠠᠭ᠎ᠠ ᠥᠷᠨᠢᠭᠦᠯᠵᠡᠢ᠃
     ᠳ᠋ᠢᠶᠠᠨ ᠽᠢ ᠪᠠᠯᠭᠠᠰᠤᠨ ᠤ ᠪᠠᠢ ᠵᠢᠶᠠ ᠶᠢᠩ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠣᠰ ᠤᠶᠠᠩᠭ᠎ᠠ ᠪᠢᠴᠢᠬᠦ ᠰᠢᠷᠡᠭᠡᠨ ᠤ ᠡᠮᠦᠨ᠎ᠡ ᠲᠣᠰᠬᠤᠨ ᠤ ᠠᠷᠠᠳ ᠢᠶᠠᠷ ᠳᠦᠭᠦᠷᠴᠦ᠂ ᠤᠷᠠᠨ ᠪᠢᠴᠢᠯᠭᠡ ᠳᠤ ᠪᠠᠭ᠋ᠠᠲᠠᠢ ᠬᠥᠮᠦᠰ ᠤᠯᠠᠭᠠᠨ ᠴᠠᠭᠠᠰᠤ ᠳᠡᠯᠭᠡᠵᠦ᠂ ᠪᠢᠷ ᠪᠡᠬᠡᠰ ᠲᠤ ᠳᠦᠷᠦᠵᠦ᠂ ᠨᠢᠭᠡ ᠯᠡ ᠠᠮᠢᠰᠬᠤᠭ᠎ᠠ ᠪᠠᠷ ᠪᠦᠲᠦᠭᠡᠵᠦ᠂ ᠪᠠᠶᠠᠷ ᠤᠨ ᠬᠤᠣᠰ ᠤᠶᠠᠩᠭ᠎ᠠ ᠪᠣᠯᠤᠨ ᠭᠠᠯ ᠤᠯᠠᠭᠠᠨ ︽ᠪᠤᠶᠠᠨ︾ ᠦᠰᠦᠭ ᠤᠳ ᠢᠶᠠᠷ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠢᠶᠠᠨ ᠲᠣᠰᠬᠤᠨ ᠤ ᠠᠷᠠᠳ ᠲᠤ ᠬᠦᠷᠭᠡᠵᠡᠢ᠃
     ᠲᠣᠰ ᠤᠳᠠᠭᠠᠨ ᠤ ᠠᠵᠢᠯᠯᠠᠭ᠎ᠠ ᠶᠢ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠶ ᠬᠥᠮᠦᠰ ᠡᠯ᠎ᠡ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠣᠰᠬᠤᠨ ᠤ ᠠᠷᠠᠳ ᠲᠤ ᠴᠠᠭᠠᠨ ᠰᠠᠷ᠎ᠠ ᠶᠢᠨ ᠬᠤᠤᠰ ᠤᠶᠠᠩᠭ᠎ᠠ ᠪᠢᠴᠢᠵᠦ᠂ ᠲᠣᠰᠬᠤᠨ ᠤ ᠠᠷᠠᠳ ᠲᠤ ᠨᠣᠮ ᠰᠡᠳᠬᠦᠯ ᠬᠦᠷᠭᠡᠬᠦ ᠠᠯᠪᠠᠨ ᠵᠢᠷᠤᠮ ᠤᠨ ᠠᠵᠢᠯᠯᠠᠭ᠎ᠠ ᠥᠷᠨᠢᠭᠦᠯᠦᠨ᠎ᠡ᠃ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠢ ᠪᠤᠢ ᠪᠣᠯᠭᠠᠵᠤ᠂ ᠠᠷᠠᠳ ᠤᠯᠠᠨ ᠤ ᠬᠠᠯᠠᠭᠤᠨ ᠬᠦᠷᠢᠶᠡᠯᠡᠯ ᠢ ᠤᠯᠪᠠ᠃ ᠠᠵᠢᠯᠯᠠᠭ᠎ᠠ ᠳᠤ᠂ ᠪᠠᠢ ᠵᠢᠶᠠ ᠶᠢᠩ ᠪᠣᠯᠤᠨ ᠳ᠋ᠢᠶᠠᠨ ᠽᠢ ᠲᠣᠰᠬᠤᠨ ᠤ ᠠᠷᠠᠳ ᠤᠨ ᠵᠥᠪᠯᠡᠯ ᠳᠤ ᠨᠠᠶᠢᠳᠠ 34 ᠶᠠᠩᠭᠠᠷ ᠤᠨ ᠬᠤᠪᠴᠠᠰᠤ᠂ 34 ᠬᠤᠣᠰ ᠶᠠᠩᠭᠠᠷ ᠤᠨ ᠳᠡᠪᠢᠭᠦᠷ᠂ 1 ᠲᠠᠯᠠᠪᠠᠢ ᠶᠢᠨ ᠪᠥᠵᠢᠭ ᠤᠨ ᠬᠦᠡᠭᠬᠢᠨᠡᠬᠦᠷ᠂ 1 ᠶᠠᠩᠭᠠᠷ ᠬᠠᠷᠠᠩᠭ᠎ᠠ ᠬᠡᠩᠭᠡᠷᠭᠡ ᠴᠠᠩ᠂ 180 ᠳᠡᠪᠲᠡᠷ ᠰᠡᠳᠬᠦᠯ ᠢ ᠲᠦᠭᠡᠭᠡᠨ ᠥᠭᠴᠦ᠂ 1000 ᠭᠠᠷᠤᠢ ᠬᠤᠣᠰ ᠤᠶᠠᠩᠭ᠎ᠠ ᠬᠦᠷᠭᠡᠵᠡᠢ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3