ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠾᠦᠢ ᠢᠦᠶ ᠲᠦᠷᠦᠭᠦᠯᠡᠨ ︽ᠶᠡᠭᠡ ᠪᠠᠷ ᠰᠤᠷᠪᠤᠯᠵᠢᠯᠠᠨ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/9
     ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠶᠢᠨ ᠲᠥᠯᠥᠭᠡ᠂ ᠰᠢᠩ ᠡᡁᠧ ᠰᠢᠶᠠᠨ ᠤ ᠬᠢᠨ ᠪᠦᠬᠦ ᠰᠢᠶᠠᠨ ᠤ ᠬᠡᠪᠴᠢᠶᠡᠨ ᠳᠤ ︽ᠶᠡᠬᠡᠪᠡᠷ ᠰᠤᠷᠪᠤᠯᠵᠢᠯᠠᠵᠤ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠪᠣᠯᠤᠨ ᠡᠵᠡᠩᠨᠡᠯᠲᠡ ᠶᠢᠨ ᠣᠷᠴᠢᠨ ᠲᠣᠭᠤᠷᠢᠨ ᠤ ︽ᠲᠦᠭᠵᠢᠷᠡᠯ︾᠎ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠲᠦᠷᠭᠡᠨ ᠰᠡᠷᠭᠦᠭᠡᠬᠦ᠂ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ᠂ ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠨ ᠤᠯᠬᠤ ᠶᠢ ᠠᠬᠢᠭᠤᠯᠵᠤ᠂ ᠰᠢᠩ ᠡᡁᠧ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠪᠠ᠃      2 ᠰᠠᠷ᠎ᠠ ᠶᠢᠨ 7᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠯᠬᠦᠮ ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠵᠦ ︽ᠶᠡᠬᠡᠪᠡᠷ ᠰᠤᠷᠪᠤᠯᠵᠢᠯᠠᠵᠤ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠠᠳᠬᠤᠬᠤ ᠳᠤ ᠰᠠᠶᠢᠨ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠠᠢ᠃
     ᠸᠠᠩ ᠬᠤᠢ ᠢᠦᠢ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
     ᠸᠠᠩ ᠬᠤᠢ ᠢᠦᠢ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ      ᠸᠠᠩ ᠬᠤᠢ ᠢᠦᠢ ᠨᠡᠷ ᠤᠷᠢᠳ ᠬᠤᠵᠢᠳ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠪᠠᠶᠠᠷ ᠤᠨ ᠳᠠᠷᠠᠭᠠᠬᠢ ᠦᠢᠯᠡᠳᠪᠦᠷᠢᠯᠡᠯ ᠡᠵᠡᠩᠨᠡᠯᠲᠡ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠳᠠᠷᠠᠭᠠᠬᠢ ᠶᠠᠷᠢᠯᠴᠠᠬᠤ ᠬᠤᠷᠠᠯ ᠳᠡᠭᠡᠷ᠎ᠡ᠂ ᠸᠠᠩ ᠬᠤᠢ ᠢᠦᠢ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠪᠣᠯᠤᠨ ᠠᠵᠢᠯ ᠤᠨ ᠰᠠᠨᠠᠭᠤᠯᠭ᠎ᠠ ᠶᠢ ᠨᠢᠭᠤᠷᠳᠠᠨ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠪᠣᠭᠤᠮᠢ ᠶᠢᠨ ᠰᠢᠯᠲᠠᠭᠠᠨ ᠢ ᠭᠦᠨᠵᠡᠭᠡᠢ ᠵᠠᠳᠠᠯᠤᠨ ᠰᠢᠨᠵᠢᠯᠡᠵᠦ᠂ ᠲᠤᠬᠠᠢ ᠶᠢᠨ ᠲᠠᠯᠠᠪᠤᠷ ᠲᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠲᠤᠬᠠᠢ ᠬᠠᠷᠢᠭᠤᠯᠲᠠ ᠥᠭᠴᠡᠢ᠃      ᠸᠠᠩ ᠬᠤᠢ ᠢᠦᠢ ᠱᠠᠭᠠᠷᠳᠠᠭᠰᠠᠨ ᠨᠢ᠂ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠲᠠᠨᠢᠵᠤ ᠠᠪᠴᠤ᠂ ᠨᠠᠷᠢᠨ ᠲᠠᠩᠰᠠᠴᠢᠯᠠᠭᠰᠠᠠ᠂ ᠡᠬᠡ ᠲᠠᠩᠰᠠᠴᠢᠯᠠᠭᠰᠠᠠ ᠬᠠᠮᠢᠶᠠᠷᠤᠯᠲᠠ ᠶᠢ ᠬᠡᠷᠡᠭᠵᠢᠭᠦᠯᠵᠦ᠂ ᠳᠠᠷᠤᠢ ᠲᠦᠷᠭᠡᠨ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠸᠠᠩ ᠬᠤᠢ ᠢᠦᠢ ᠴᠢᠩᠭᠠᠳᠬᠠᠭᠰᠠᠨ ᠨᠢ᠂ ᠵᠠᠰᠠᠭ ᠠᠵᠤ ᠠᠬᠤᠶᠢᠯᠠᠯ ᠰᠡᠳᠬᠢᠯ ᠨᠢᠭᠡᠳᠦᠨ ᠠᠵᠤ ᠠᠬᠤᠢ ᠶᠢ ᠠᠳᠬᠤᠬᠤ᠂ ᠬᠥᠭᠵᠢᠯᠲᠡ ᠶᠢ ᠠᠳᠬᠤᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠭᠦᠦ ᠤᠯᠠᠷᠢᠯ ᠳᠤ ︽ᠰᠠᠶᠢᠨ ᠡᠬᠢᠯᠡᠯᠲᠡ︾᠎ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ︽ᠳᠡᠯᠭᠡᠭᠦᠷ ᠤᠨ ᠪᠠᠭ᠎ᠠ ᠬᠤᠶᠠᠳᠤᠭᠠᠷ︾᠎ ᠤᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠡᠮᠦᠨᠡᠰᠢ ᠪᠠᠨ ᠦᠢᠯᠡᠴᠢᠯᠡᠭᠡᠨ᠂ ᠨᠠᠷᠢᠯᠢᠭ ᠣᠨᠣᠴᠠᠲᠠᠶ ᠪᠠᠷ ᠦᠢᠯᠡᠴᠢᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠠᠰᠢᠭᠲᠠᠶ ᠪᠠᠲᠤᠯᠠᠭ᠎ᠠ ᠬᠠᠩᠭᠠᠬᠤ ᠬᠡᠷᠡᠭᠲᠡᠶ᠃ ᠡᠭᠦᠨ ᠤ ᠵᠡᠷᠭᠡᠪᠡᠷ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠶᠠᠰᠤ ᠴᠢᠨᠠᠷ ᠢ ᠳᠡᠭᠡᠭᠰᠢᠯᠡᠭᠦᠯᠬᠦ ᠬᠥᠭᠵᠢᠯᠲᠡ ᠶᠢ ᠲᠦᠷᠭᠡᠳᠬᠡᠵᠦ᠂ ᠬᠥᠭᠵᠢᠨ ᠮᠠᠨᠳᠤᠬᠤ ᠪᠠ ᠴᠢᠨᠠᠷ ᠰᠠᠶᠢᠲᠠᠢ ᠬᠥᠭᠵᠢᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠸᠠᠩ ᠰᠢᠶᠤᠤ ᠵᠢᠶᠦ᠋ᠨ᠂ ᠬᠥᠩ ᠰᠢᠤ ᠯᠦᠩ᠂ ᠾᠧᠦ ᠶᠢᠩ ᠠᠵᠢᠯᠯᠠᠭ᠎ᠠ ᠳᠤ ᠣᠷᠣᠯᠴᠠᠵᠠᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3