ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠭᠤᠷᠪᠠᠳᠤᠭᠠᠷ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/9
     2 ᠰᠠᠷ᠎ᠠ ᠶᠢᠨ 8᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠭᠤᠷᠪᠠᠳᠤᠭᠠᠷ ᠪᠥᠬᠦᠳᠡ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠥᠬᠦᠳᠡ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠢᠩ ᠾᠧ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠸᠧᠶ ᠪᠢᠩ ᠬᠤᠷᠠᠯ ᠡᠷᠭᠢᠯᠡᠭᠰᠡᠨ ᠪᠥᠭᠡᠳ ᠠᠵᠢᠯ ᠤᠨ ᠮᠡᠳᠡᠭᠦᠯᠦᠯᠲᠡ ᠬᠢᠵᠡᠶ᠃
     ᠬᠤᠷᠠᠯ ᠳᠤ ᠣᠷᠣᠯᠴᠠᠬᠤ ᠶᠣᠰᠣᠲᠠᠶ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 23 ᠬᠥᠮᠦᠨ᠂ ᠪᠣᠳᠠᠲᠠᠶ ᠪᠠᠷ ᠣᠷᠣᠯᠴᠠᠬᠤ ᠶᠣᠰᠣᠲᠠᠶ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 23 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃      ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠪᠦᠬᠦ ᠰᠢᠶᠠᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠦᠷᠦ ᠶᠢᠨ ᠬᠢᠨᠠᠯᠲᠠ ᠶᠢ ᠬᠦᠴᠦᠲᠡᠢ ᠪᠥᠭᠡᠳ ᠪᠦᠲᠦᠮᠵᠢᠲᠡᠢ ᠴᠢᠩᠭᠠᠳᠬᠠᠵᠤ᠂ ᠥᠴᠦᠬᠡᠨ ᠴᠦ ᠠᠭᠤᠴᠢᠯᠠᠬᠤ ᠦᠭᠡᠢ ᠣᠪᠣᠷ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠵᠤ᠂ ᠪᠦᠬᠦ ᠰᠢᠶᠠᠨ ᠤ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠳᠦᠷᠰᠦ ᠪᠠᠶᠢᠳᠠᠯ ᠤᠨ ᠰᠢᠨᠡᠴᠢᠯᠡᠯᠲᠡ᠂ ᠤᠯᠤᠰ ᠲᠦᠷᠦ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃      ᠸᠠᠩ ᠬᠤᠢ ᠢᠦᠢ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠵᠤ᠂ ᠶᠠᠰᠤ ᠶᠠᠰᠤ ᠶᠢ ᠨᠢ ᠬᠤᠰᠤᠵᠤ ᠬᠤᠣᠷ ᠢ ᠨᠢ ᠵᠠᠰᠠᠵᠤ᠂ ᠴᠢᠩᠭ᠎ᠠ ᠬᠦᠭ ᠠᠶᠠᠰ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠤᠷᠳᠤ ᠬᠤᠭᠤᠴᠠᠭ᠎ᠠ ᠪᠠᠷ ᠠᠬᠢᠭᠤᠯᠬᠤ ᠬᠡᠷᠡᠭᠲᠡᠢ︔ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠪᠣᠳᠠᠲᠠᠶᠢᠵᠢᠭᠤᠯᠬᠤ᠂ ᠤᠨᠢᠨ ᠳᠡᠭᠡᠷ᠎ᠡ ᠨᠢ ᠪᠠᠶᠢᠯᠭᠠᠬᠤ᠂ ᠪᠠᠶᠢᠩᠭᠤᠵᠢᠭᠤᠯᠬᠤ ᠪᠠᠷᠢᠮᠵᠢᠶ᠎ᠠ ᠪᠠᠷ ᠤᠯᠤᠰ ᠲᠦᠷᠦ ᠶᠢᠨ ᠬᠢᠨᠠᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠷᠳᠤ ᠬᠤᠭᠤᠴᠠᠭ᠎ᠠ ᠪᠠᠷ ᠴᠢᠷᠮᠠᠶᠢᠬᠤ ᠬᠠᠲᠠᠭᠤ ᠵᠣᠷᠢᠭ ᠬᠠᠳᠠᠨ ᠵᠣᠷᠢᠭ ᠢᠶᠠᠷ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠢᠲᠡᠭᠡᠯ ᠵᠣᠷᠢᠭ ᠢᠶᠠᠷ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠵᠦ᠂ ᠰᠢᠰᠲ᠋ᠧᠮ ᠢ ᠲᠥᠪᠯᠡᠷᠡᠭᠦᠯᠬᠦ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠯᠭᠠᠬᠤ ᠪᠠᠷ ᠬᠠᠷᠠᠯᠲᠠ ᠪᠣᠯᠭᠠᠨ ᠬᠢᠨᠠᠯᠲᠠ ᠲᠠᠯᠪᠢᠬᠤ ᠰᠢᠰᠲᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠬᠦᠴᠦᠯᠡᠨ ᠨᠢᠭᠲᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠥᠭᠵᠢᠯ ᠮᠠᠨᠳᠤᠯ ᠪᠠ ᠪᠦᠳᠦᠭᠡᠨ ᠪᠠᠶᠢᠭᠤᠯᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠶ᠎ᠠ︕      ᠬᠤᠷᠠᠯ ᠳᠡᠭᠡᠷ᠎ᠡ ᠸᠠᠩ ᠸᠧᠶ ᠪᠢᠩ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠵᠡᠶ᠃ ᠢᠯᠡᠳᠬᠡᠯ ᠳᠤ 2022 ᠣᠨ ᠤ ᠪᠦᠬᠦ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠡᠷᠭᠢᠴᠡᠭᠦᠯᠦᠨ ᠳ᠋ᠦᠩᠨᠡᠵᠦ᠂ 2023 ᠣᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠡᠷᠡ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠬᠤ ᠬᠡᠷᠡᠭᠲᠡᠢ︔ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠲᠥᠯᠥᠪᠵᠢᠭᠦᠯᠬᠦ ᠬᠡᠷᠡᠭᠲᠡᠢ︔ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠨᠠᠷ ᠰᠠᠶᠢᠲᠠᠢ ᠰᠠᠶᠢᠲᠤᠷ ᠠᠳᠬᠤᠬᠤ ᠬᠡᠷᠡᠭᠲᠡᠢ᠃ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠪᠦᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠪᠦᠭᠦᠳᠡ ᠬᠤᠷᠠᠯ ᠤᠨ ᠢᠯᠡᠳᠬᠡᠯ ᠳᠠᠬᠢ ᠡᠯ᠎ᠡ ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠬᠠᠷᠢᠴᠠᠭᠤᠯᠤᠨ᠂ ᠴᠢᠨᠠᠷ ᠰᠠᠶᠢᠲᠠᠢ ᠪᠠᠷ ᠡᠬᠢᠯᠡᠭᠦᠯᠵᠦ᠂ ᠥᠨᠳᠥᠷ ᠪᠠᠷᠢᠮᠵᠢᠶ᠎ᠠ ᠪᠠᠷ ᠠᠬᠢᠭᠤᠯᠬᠤ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ᠂ ᠰᠢᠩ ᠡᡁᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃      ᠪᠥᠬᠦᠳᠡ ᠬᠤᠷᠠᠯ ᠠᠴᠠ ᠪᠠᠰᠠ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠰᠢᠢᠳᠪᠦᠷᠢ︾᠎ ᠶᠢ ᠪᠠᠲᠤᠯᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3