ᠯᠢ ᠺᠠᠶ ᠳ᠋ᠦᠩ ︽ᠶᠡᠭᠡ ᠰᠤᠷᠪᠤᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/9
     2 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠦᠨᠳᠦᠰᠦᠨ ᠱᠠᠲᠤ ᠪᠠ ᠠᠵᠤ ᠠᠬᠤᠶᠢᠯᠠᠯ ᠳᠤ ᠭᠦᠨᠵᠡᠭᠡᠶᠢᠷᠡᠨ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠥᠷᠨᠢᠭᠦᠯᠵᠦ᠂ ᠬᠦᠰᠡᠯ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠦᠨᠳᠦᠰᠦᠨ ᠱᠠᠲᠤ᠂ ᠠᠵᠤ ᠠᠬᠤᠶᠢᠯᠠᠯ᠂ ᠣᠯᠠᠨ ᠲᠦᠮᠡᠨ ᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠨ ᠥᠭᠴᠦ᠂ ᠡᠷᠴᠢ ᠵᠣᠷᠢᠭ ᠢ ᠨᠢ ᠬᠥᠪᠴᠢᠯᠡᠵᠦ ᠂ ᠢᠲᠡᠭᠡᠯ ᠵᠣᠷᠢᠭ ᠢ ᠨᠢ ᠪᠠᠲᠤᠳᠬᠠᠪᠠ᠃
     ᠯᠢ ᠺᠠᠶ ᠳ᠋ᠦᠩ ᠪᠦᠯᠬᠦᠮᠳᠡᠯ ᠰᠢᠶᠠᠩ ᠤᠨ ᠠᠷᠪᠠᠨ ᠵᠢᠷᠭᠤᠳᠤᠭᠠᠷ ᠲᠣᠰᠬᠤᠨ ᠤ ᠠᠷᠠᠳ ᠤᠨ ᠵᠥᠪᠯᠡᠯ ᠤᠨ ᠪᠥᠸᠧ ᠭᠧᠤ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
     ᠯᠢ ᠺᠠᠶ ᠳ᠋ᠦᠩ ᠴᠢᠩ ᠱᠠᠨ ᠠᠶᠢᠮᠠᠭ ᠤᠨ ᠠᠷᠠᠳ ᠤᠨ ᠰᠠᠭᠤᠴᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ      ᠯᠢ ᠺᠠᠢ ᠳ᠋ᠦᠩ ᠨᠡᠷ ᠤᠷᠢᠳ ᠬᠤᠵᠢᠳ ᠪᠦᠯᠬᠦᠮᠳᠡᠯ ᠰᠢᠶᠠᠩ ᠤᠨ ᠠᠷᠪᠠᠨ ᠵᠢᠷᠭᠤᠳᠤᠭᠠᠷ ᠲᠣᠰᠬᠤᠨ ᠤ ᠠᠷᠠᠳ ᠤᠨ ᠵᠥᠪᠯᠡᠯ ᠤᠨ ᠪᠥᠸᠧ ᠭᠸᠤ ᠲᠣᠰᠬᠤᠨ᠂ ᠴᠢᠩ ᠱᠠᠨ ᠠᠶᠢᠮᠠᠭ ᠤᠨ ᠠᠷᠠᠳ ᠤᠨ ᠣᠷᠣᠨ ᠰᠠᠭᠤᠴᠠ᠂ ᠰᠢᠨ᠎ᠡ ᠲᠢᠲ᠋ᠠᠨ ᠲᠡᠮᠦᠷ ᠤᠨ ᠬᠠᠶᠢᠯᠤᠰᠢ ᠶᠢᠨ ᠺᠣᠮᠫᠠᠨᠢ᠂ ᠴᠧᠩ ᠭᠤᠸᠠᠨ ᠪᠠᠯᠭᠠᠰᠤ ᠶᠢᠨ ᠭᠤᠣᠯᠳᠠᠯᠭ᠎ᠠ ᠲᠠᠢ ᠬᠤᠳᠠᠯᠳᠤᠭᠠᠨ ᠤ ᠵᠡᠭᠡᠯᠢ ᠳᠤ ᠬᠦᠷᠴᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠶᠢᠨ ᠵᠠᠭᠪᠤᠷ ᠪᠣᠯᠤᠨ ᠬᠠᠮᠢᠶᠠᠷᠤᠯᠲᠠ ᠡᠵᠡᠩᠨᠡᠯᠲᠡ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠤᠳᠠ ᠶᠢᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠠᠳᠬᠤᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠨ᠎ᠡ ᠪᠠᠶᠢᠳᠠᠯ ᠳᠣᠣᠷ᠎ᠠ᠂ ᠭᠠᠳᠠᠭᠰᠢ ᠭᠠᠷᠴᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠰᠡᠳᠬᠢᠴᠡ᠂ ᠵᠠᠭᠪᠤᠷ ᠪᠣᠯᠤᠨ ᠡᠵᠡᠩᠨᠡᠯᠲᠡ ᠶᠢᠨ ᠲᠤᠷᠰᠢᠯᠭ᠎ᠠ ᠶᠢ ᠰᠢᠨᠵᠢᠯᠡᠨ ᠪᠠᠶᠢᠴᠠᠭᠠᠬᠤ ᠪᠠᠷ ᠳᠠᠮᠵᠢᠭᠤᠯᠵᠤ᠂ ᠮᠠᠨ ᠤ ᠰᠢᠶᠠᠨ ᠤ ᠠᠷᠠᠳ ᠤᠨ ᠣᠷᠣᠨ ᠰᠠᠭᠤᠴᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠤᠳᠠ ᠬᠥᠳᠡᠭᠡ ᠶᠢᠨ ᠰᠤᠯᠠ ᠪᠠᠶᠢᠭ᠎ᠠ ᠡᠬᠢ ᠪᠠᠶᠠᠯᠢᠭ ᠢ ᠳᠠᠰᠤᠷᠠᠯᠳᠠ ᠦᠬᠡᠢ ᠠᠮᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠡᠷᠡᠭᠦᠯ ᠮᠡᠨᠳᠦ ᠶᠢ ᠬᠠᠮᠠᠭᠠᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠵᠤ ᠥᠭᠴᠡᠢ᠃ ᠰᠢᠨ᠎ᠡ ᠲᠢᠲ᠋ᠠᠨ ᠲᠡᠮᠦᠷ ᠤᠨ ᠬᠠᠶᠢᠯᠤᠰᠢ ᠶᠢᠨ ᠺᠣᠮᠫᠠᠨᠢ ᠳᠤ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠪᠣᠯᠤᠨ ᠣᠷᠣᠰᠢᠵᠤ ᠪᠠᠶᠢᠭ᠎ᠠ ᠬᠦᠴᠢᠷᠳᠡᠯ ᠤᠨ ᠠᠰᠠᠭᠤᠳᠠᠯ ᠢ ᠰᠣᠨᠣᠰᠤᠭᠰᠠᠨ ᠤ ᠳᠠᠷᠠᠭ᠎ᠠ᠂ ᠯᠢ ᠺᠠᠢ ᠳ᠋ᠦᠩ᠂ ᠮᠠᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠪᠡᠶ᠎ᠡ ᠪᠥᠬᠦ᠋ᠢᠨ ᠡᠭᠦᠷᠭᠡ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ︽ᠰᠡᠳᠬᠢᠯ ᠢ ᠨᠢ ᠵᠦᠳᠡᠭᠡᠬᠦ︾ ᠮᠥᠷᠲᠡᠭᠡᠨ ᠨᠡᠩ ᠴᠤ ︽ᠰᠡᠳᠬᠢᠯ ᠢ ᠨᠢ ᠲᠠᠭᠠᠷᠠᠭᠤᠯᠬᠤ︾ ᠬᠡᠷᠡᠭᠲᠡᠢ᠂ ᠰᠠᠶᠢᠨ ᠠᠵᠤ ᠠᠬᠤᠶᠢᠯᠠᠯ ᠤᠨ ︽ᠠᠰᠠᠷᠠᠭᠴᠢ︾ ᠪᠣᠯᠬᠤ ᠬᠡᠷᠡᠭᠲᠡᠢ᠂ ᠭᠠᠭᠴᠠᠬᠦ ᠠᠵᠤ ᠠᠬᠤᠶᠢᠯᠠᠯ ᠤᠨ ᠠᠵᠢᠯ ᠳᠤ ᠰᠠᠶᠢᠲᠤᠷ ᠦᠢᠯᠡᠴᠢᠯᠡᠪᠡᠯ ᠠᠵᠤ ᠠᠬᠤᠶᠢᠯᠠᠯ ᠰᠠᠢᠢ ᠨᠡᠩ ᠳᠤᠷᠠᠲᠠᠶ᠎ᠠ ᠬᠥᠭᠵᠢᠨ ᠮᠠᠨᠳᠤᠬᠤ ᠪᠠ ᠪᠡᠯᠡ ᠣᠷᠣᠭᠤᠯᠤᠨ ᠦᠢᠯᠡᠰ ᠪᠤᠰᠬᠠᠵᠤ᠂ ᠬᠥᠭᠵᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ ᠴᠢᠳᠠᠨ᠎ᠠ ᠭᠡᠵᠦ ᠬᠡᠯᠡᠪᠡ᠃      ᠯᠢ ᠺᠠᠶ ᠳ᠋ᠦᠩ ᠱᠠᠭᠠᠷᠳᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠢᠳᠡ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠠᠰᠤᠷᠠᠯᠲᠠ ᠥᠬᠡᠶ ᠲᠦᠷᠭᠡᠨ ᠨᠥᠬᠦᠪᠥᠷᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ᠂ ᠪᠠᠶᠢᠩᠭᠤᠵᠢᠭᠤᠯᠬᠤ ᠶᠢ ᠳᠥᠯᠭᠢᠨ ᠠᠬᠢᠭᠤᠯᠵᠤ᠂ ᠬᠠᠮᠢᠶᠠᠷᠤᠯᠲᠠ ᠶᠢ ᠨᠠᠷᠢᠯᠢᠬᠵᠢᠭᠤᠯᠬᠤ ᠬᠡᠷᠡᠭᠲᠡᠶ᠃ ᠡᠭᠦᠨ ᠤ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠢᠨᠠᠨ ᠵᠢᠯᠣᠭᠤᠳᠣᠯᠭ᠎ᠠ ᠪᠠᠨ ᠴᠢᠩᠭᠠᠳᠬᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃                                                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3