ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠾᠦᠢ ᠢᠦᠶ ᠲᠦᠷᠦᠭᠦᠯᠡᠨ ︽ᠶᠡᠭᠡ ᠪᠠᠷ ᠰᠤᠷᠪᠤᠯᠵᠢᠯᠠᠨ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/9
     ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠶᠢᠨ ᠲᠥᠯᠥᠭᠡ᠂ ᠰᠢᠩ ᠡᡁᠧ ᠰᠢᠶᠠᠨ ᠤ ᠬᠢᠨ ᠪᠦᠬᠦ ᠰᠢᠶᠠᠨ ᠤ ᠬᠡᠪᠴᠢᠶᠡᠨ ᠳᠤ ︽ᠶᠡᠬᠡᠪᠡᠷ ᠰᠤᠷᠪᠤᠯᠵᠢᠯᠠᠵᠤ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠪᠣᠯᠤᠨ ᠡᠵᠡᠩᠨᠡᠯᠲᠡ ᠶᠢᠨ ᠣᠷᠴᠢᠨ ᠲᠣᠭᠤᠷᠢᠨ ᠤ ︽ᠲᠦᠭᠵᠢᠷᠡᠯ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠲᠦᠷᠭᠡᠨ ᠰᠡᠷᠭᠦᠭᠡᠬᠦ᠂ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ᠂ ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠨ ᠤᠯᠬᠤ ᠶᠢ ᠠᠬᠢᠭᠤᠯᠵᠤ᠂ ᠰᠢᠩ ᠡᡁᠧ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠪᠠ᠃      2 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠯᠬᠦᠮ ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠵᠦ ︽ᠶᠡᠬᠡᠪᠡᠷ ᠰᠤᠷᠪᠤᠯᠵᠢᠯᠠᠵᠤ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠠᠳᠬᠤᠬᠤ ᠳᠤ ᠰᠠᠶᠢᠨ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠠᠢ᠃
     ᠸᠠᠩ ᠬᠤᠢ ᠢᠦᠢ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
     ᠸᠠᠩ ᠬᠤᠢ ᠢᠦᠢ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ      ᠸᠠᠩ ᠬᠤᠢ ᠢᠦᠢ ᠨᠡᠷ ᠤᠷᠢᠳ ᠬᠤᠵᠢᠳ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠪᠠᠶᠠᠷ ᠤᠨ ᠳᠠᠷᠠᠭᠠᠬᠢ ᠦᠢᠯᠡᠳᠪᠦᠷᠢᠯᠡᠯ ᠡᠵᠡᠩᠨᠡᠯᠲᠡ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠳᠠᠷᠠᠭᠠᠬᠢ ᠶᠠᠷᠢᠯᠴᠠᠬᠤ ᠬᠤᠷᠠᠯ ᠳᠡᠭᠡᠷ᠎ᠡ᠂ ᠸᠠᠩ ᠬᠤᠢ ᠢᠦᠢ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠪᠣᠯᠤᠨ ᠠᠵᠢᠯ ᠤᠨ ᠰᠠᠨᠠᠭᠤᠯᠭ᠎ᠠ ᠶᠢ ᠨᠢᠭᠤᠷᠳᠠᠨ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠪᠣᠭᠤᠮᠢ ᠶᠢᠨ ᠰᠢᠯᠲᠠᠭᠠᠨ ᠢ ᠭᠦᠨᠵᠡᠭᠡᠢ ᠵᠠᠳᠠᠯᠤᠨ ᠰᠢᠨᠵᠢᠯᠡᠵᠦ᠂ ᠲᠤᠬᠠᠢ ᠶᠢᠨ ᠲᠠᠯᠠᠪᠤᠷ ᠲᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠲᠤᠬᠠᠢ ᠬᠠᠷᠢᠭᠤᠯᠲᠠ ᠥᠭᠴᠡᠢ᠃      ᠸᠠᠩ ᠬᠤᠢ ᠢᠦᠢ ᠱᠠᠭᠠᠷᠳᠠᠭᠰᠠᠨ ᠨᠢ᠂ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠲᠠᠨᠢᠵᠤ ᠠᠪᠴᠤ᠂ ᠨᠠᠷᠢᠨ ᠲᠠᠩᠰᠠᠴᠢᠯᠠᠭᠰᠠᠠ᠂ ᠡᠬᠡ ᠲᠠᠩᠰᠠᠴᠢᠯᠠᠭᠰᠠᠠ ᠬᠠᠮᠢᠶᠠᠷᠤᠯᠲᠠ ᠶᠢ ᠬᠡᠷᠡᠭᠵᠢᠭᠦᠯᠵᠦ᠂ ᠳᠠᠷᠤᠢ ᠲᠦᠷᠭᠡᠨ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠸᠠᠩ ᠬᠤᠢ ᠢᠦᠢ ᠴᠢᠩᠭᠠᠳᠬᠠᠭᠰᠠᠨ ᠨᠢ᠂ ᠵᠠᠰᠠᠭ ᠠᠵᠤ ᠠᠬᠤᠶᠢᠯᠠᠯ ᠰᠡᠳᠬᠢᠯ ᠨᠢᠭᠡᠳᠦᠨ ᠠᠵᠤ ᠠᠬᠤᠢ ᠶᠢ ᠠᠳᠬᠤᠬᠤ᠂ ᠬᠥᠭᠵᠢᠯᠲᠡ ᠶᠢ ᠠᠳᠬᠤᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠭᠦᠦ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ︽ᠳᠡᠯᠭᠡᠭᠦᠷ ᠤᠨ ᠪᠠᠭ᠎ᠠ ᠬᠤᠶᠠᠳᠤᠭᠠᠷ︾ ᠤᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠡᠮᠦᠨᠡᠰᠢ ᠪᠠᠨ ᠦᠢᠯᠡᠴᠢᠯᠡᠭᠡᠨ᠂ ᠨᠠᠷᠢᠯᠢᠭ ᠣᠨᠣᠴᠠᠲᠠᠶ ᠪᠠᠷ ᠦᠢᠯᠡᠴᠢᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠠᠰᠢᠭᠲᠠᠶ ᠪᠠᠲᠤᠯᠠᠭ᠎ᠠ ᠬᠠᠩᠭᠠᠬᠤ ᠬᠡᠷᠡᠭᠲᠡᠶ᠃ ᠡᠭᠦᠨ ᠤ ᠵᠡᠷᠭᠡᠪᠡᠷ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠶᠠᠰᠤ ᠴᠢᠨᠠᠷ ᠢ ᠳᠡᠭᠡᠭᠰᠢᠯᠡᠭᠦᠯᠬᠦ ᠬᠥᠭᠵᠢᠯᠲᠡ ᠶᠢ ᠲᠦᠷᠭᠡᠳᠬᠡᠵᠦ᠂ ᠬᠥᠭᠵᠢᠨ ᠮᠠᠨᠳᠤᠬᠤ ᠪᠠ ᠴᠢᠨᠠᠷ ᠰᠠᠶᠢᠲᠠᠢ ᠬᠥᠭᠵᠢᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠸᠠᠩ ᠰᠢᠶᠤᠤ ᠵᠢᠶᠦ᠋ᠨ᠂ ᠬᠥᠩ ᠰᠢᠤ ᠯᠦᠩ᠂ ᠾᠧᠦ ᠶᠢᠩ ᠠᠵᠢᠯᠯᠠᠭ᠎ᠠ ᠳᠤ ᠣᠷᠣᠯᠴᠠᠵᠠᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3