2 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠢ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ ᠬᠤᠶᠠᠳᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | | | ᠬᠤᠷᠠᠯ ᠠᠴᠠ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠠᠩᠭᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠯᠠᠭᠱᠠ ᠵᠡᠭᠦᠨ | ᠬᠤᠰᠢᠭᠤᠨ ᠤ ᠨᠢᠭᠡᠨ ᠵᠠᠳᠠᠭᠠᠢ ᠨᠡᠭᠦᠷᠡᠰᠦᠨ ᠠᠭᠤᠷᠬᠠᠢ ᠨᠤᠷᠠᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ 2023 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠰᠠᠨᠠᠯ ︵2023 | ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ︶ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠥᠭᠴᠡᠢ᠃ | ᠯᠢ ᠺᠠᠢ ᠳ᠋ᠦᠩ᠂ ᠣᠳᠣᠬᠠᠨ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠵᠤ | ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ | ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠯᠠᠪᠳᠠᠭᠤᠨ ᠪᠠᠲᠤᠲᠠᠢ | ᠪᠠᠬᠢᠵᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ | ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠤ ᠠᠵᠢᠯ ᠤᠨ | ᠵᠥᠩᠨᠡᠯᠲᠡ ᠶᠢᠨ ᠴᠢᠨᠠᠷ ᠪᠠ ᠬᠠᠨᠳᠤᠯᠭᠠᠲᠤ ᠴᠢᠨᠠᠷ ᠢ ᠦᠨᠡᠨᠬᠦ ᠴᠢᠩᠭᠠᠳᠬᠠᠵᠤ᠂ ᠪᠥᠬᠦ ᠤᠯᠤᠰ ᠤᠨ ᠬᠤᠶᠠᠷ | ᠬᠤᠷᠠᠯ ᠤᠨ ᠠᠮᠤᠷ ᠲᠦᠪᠰᠢᠨ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠬᠦ ᠬᠡᠷᠡᠭᠲᠡᠶ᠃ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠡᠯᠡ | ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠯᠬᠢᠶ᠎ᠡ ᠪᠠᠷ ᠠᠷᠠᠯᠵᠢᠶᠠᠴᠢᠨ ᠤᠷᠢᠬᠤ ᠪᠠ | ᠲᠠᠪᠴᠠᠩ ᠤᠨ ᠠᠴᠢᠶᠠᠯᠠᠪᠤᠷᠢ ᠶᠢ ᠴᠣᠭᠴᠠᠯᠠᠬᠤ ᠳᠡᠭᠡᠷ᠎ᠡ ᠬᠦᠴᠦ ᠲᠠᠯᠪᠢᠵᠤ᠂ ᠨᠢᠭᠡ ᠪᠦᠯᠦᠭ ︽ᠬᠤᠭᠤᠰᠣᠨ ᠢ | ᠪᠥᠭᠯᠡᠬᠦ ᠬᠡᠯᠪᠡᠷᠢ︾ ᠶᠢᠨ ᠠᠵᠤ ᠠᠬᠤᠶᠢᠯᠠᠯ᠂ ︽ᠨᠥᠬᠦᠪᠥᠷᠢᠯᠡᠬᠦ ᠬᠡᠯᠪᠡᠷᠢ︾ ᠶᠢᠨ ᠲᠦᠷᠦᠯ ᠵᠦᠢᠯ ᠢ ᠲᠠᠲᠠᠵᠤ᠂ | ᠰᠢᠨ᠎ᠡ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠶᠢ ᠳᠠᠶᠢᠴᠢᠯᠠᠬᠤ ᠬᠡᠷᠡᠭᠲᠡᠢ᠃ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ | ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ | ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ︽ᠰᠡᠭᠦᠯᠴᠢ ᠶᠢᠨ | ᠬᠠᠭᠠᠰ ᠵᠣᠬᠢᠶᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠬᠤᠷᠠᠯ ᠠᠴᠠ ︽ᠰᠢᠩ ᠡᡁᠧ ᠰᠢᠶᠠᠨ ᠤ 2023 ᠣᠨ ᠤ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢᠨ ᠬᠡᠷᠡᠭᠵᠢᠭᠦᠯᠬᠦ ᠲᠥᠰᠦᠯ︾᠂ ︽ᠰᠢᠩ ᠡᡁᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ | ᠤᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠵᠢᠯ ᠤᠨ ᠬᠡᠷᠡᠭᠵᠢᠭᠦᠯᠬᠦ ᠲᠥᠰᠦᠯ︾᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ | ᠪᠣᠯᠤᠨ ᠲᠦᠷᠦᠯ ᠵᠦᠢᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠵᠡᠷᠭᠡ ᠲᠥᠰᠦᠯ ᠢ ᠬᠢᠨᠠᠨ | ᠵᠥᠪᠯᠡᠪᠡ︔ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠦᠭᠭᠦᠪᠡ᠃ | ᠰᠢᠶᠠᠨ ᠤ ᠤᠳᠤᠷᠢᠳᠤᠯᠭ᠎ᠠ ᠾᠧ ᠶᠢᠩ ᠽᠢ᠂ ᠰᠦᠨ ᠬᠠᠢ ᠵᠢᠶᠦ᠋ᠨ᠂ ᠵᠧᠦ ᠷᠦᠢ ᠵᠢᠶᠦ᠋ᠨ ᠬᠤᠷᠠᠯ ᠳᠤ | ᠣᠷᠣᠯᠴᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |