︽ᠰᠢᠩ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2023/3/1
     ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠰᠢᠩ ᠡᡁᠧ ᠰᠢᠶᠠᠨ ᠤ ᠵᠡᠮᠳᠡᠭᠴᠦᠳ ᠤᠨ ᠦᠢᠯᠡᠰ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠵᠡᠮᠳᠡᠭᠴᠦᠳ ᠤᠨ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ᠂ ᠪᠥᠬᠦ ᠰᠢᠶᠠᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢ ᠦᠨᠳᠦᠰᠦᠯᠡᠨ᠂ ᠰᠢᠶᠠᠨ ᠤ ᠬᠡᠪᠴᠢᠶᠡᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠰᠢᠩ ᠾᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠵᠡᠮᠳᠡᠭᠴᠦᠳ ‍ᠤᠨ‌ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠎ ᠶᠢ ᠲᠣᠭᠲᠠᠭᠠᠪᠠ᠃      ︽ᠲᠥᠯᠥᠪᠵᠢᠭᠦᠯᠭᠡ︾᠎ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ᠂ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠣᠯᠤᠨ ᠭᠤᠣᠯ ᠠᠷᠭ᠎ᠠ ᠬᠡᠮᠵᠢᠶ᠎ᠡ᠂ ᠪᠠᠲᠤᠯᠠᠪᠤᠷᠢ ᠶᠢᠨ ᠠᠷᠭ᠎ᠠ ᠬᠡᠮᠵᠢᠶ᠎ᠡ ᠵᠡᠷᠭᠡ ᠲᠦᠷᠪᠡᠨ ᠲᠠᠯ᠎ᠠ ᠠᠴᠠ ᠬᠤᠶᠢᠰᠢᠳᠠ ᠶᠢᠨ ᠲᠠᠪᠤᠨ ᠵᠢᠯ ᠤᠨ ᠰᠢᠩ ᠡᡁᠧ ᠰᠢᠶᠠᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠴᠢᠭᠯᠡᠯ᠂ ᠡᠭᠦᠷᠭᠡ᠂ ᠬᠠᠷᠠᠯᠲᠠ ᠪᠣᠯᠤᠨ ᠱᠠᠭᠠᠷᠳᠠᠯᠭ᠎ᠠ ᠶᠢ ᠲᠥᠯᠥᠪᠵᠢᠭᠦᠯᠵᠡᠢ᠃ ᠠᠭᠤᠯᠭ᠎ᠠ ᠶᠢᠨ ᠲᠠᠯ᠎ᠠ ᠪᠠᠷ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠡᠷᠡᠭᠦᠯᠵᠢᠯ ᠤᠨ ᠦᠢᠯᠡᠴᠢᠯᠡᠭᠡ᠂ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ᠂ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠲᠠᠯ᠎ᠠ ᠶᠢ ᠬᠠᠮᠤᠷᠴᠤ᠂ ᠠᠭᠤᠯᠭ᠎ᠠ ᠨᠢ ᠪᠥᠬᠦ ᠲᠠᠯ᠎ᠠ ᠶᠢᠨ᠂ ᠬᠠᠷᠠᠯᠲᠠ ᠨᠢ ᠲᠣᠳᠣᠷᠬᠠᠶ ᠪᠠᠶᠢᠳᠠᠭ᠃      ︽ᠲᠥᠯᠥᠪᠵᠢᠭᠦᠯᠭᠡ︾᠎ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠰᠢᠩ ᠾᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠣᠳᠠᠲᠠᠶ ᠱᠠᠭᠠᠷᠳᠠᠯᠭ᠎ᠠ ᠶᠢᠨ ᠲᠣᠭᠤᠷᠢᠨ ᠳᠤ ᠲᠣᠭᠲᠠᠭᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠵᠢᠱᠢᠯᠲᠡ ᠶᠢᠨ ᠴᠢᠨᠠᠷᠲᠠᠶ ᠪᠠ ᠬᠢᠵᠠᠭᠠᠷᠯᠠᠬᠤ ᠴᠢᠨᠠᠷᠲᠠᠶ ᠬᠤᠶᠠᠷ ᠰᠢᠨᠵᠢ ᠴᠢᠨᠠᠷ ᠠᠴᠠ ᠬᠥᠭᠵᠢᠯᠲᠡ ᠶᠢᠨ ᠭᠤᠤᠯ ᠭᠦᠢᠴᠡᠳᠭᠡᠯ ᠲᠤᠭ᠎ᠠ ᠶᠢ ᠲᠣᠭᠲᠠᠭᠠᠵᠤ᠂ ᠢᠯᠠᠩᠭᠤᠶ᠎ᠠ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾᠎ ᠶᠢᠨ ᠪᠦᠷᠬᠦᠴᠡ ᠶᠢᠨ ᠨᠣᠷᠮ᠎ᠠ ᠪᠠ ᠨᠥᠬᠦᠴᠡᠯ ᠳᠤ ᠨᠡᠶᠢᠴᠡᠬᠦ ᠵᠡᠮᠳᠡᠭᠴᠦᠳ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠢᠴᠠᠯ ᠳᠤ ᠣᠷᠣᠭᠤᠯᠬᠤ ᠲᠠᠯ᠎ᠠ ᠪᠠᠷ 100%᠎ ᠶᠢᠨ ᠬᠢᠵᠠᠭᠠᠷᠯᠠᠬᠤ ᠬᠠᠷᠢᠴᠠᠯ ᠢ ᠲᠣᠭᠲᠠᠭᠠᠵᠤ᠂ ᠵᠡᠮᠳᠡᠭᠴᠦᠳ ᠤᠨ ︽ᠦᠨᠳᠦᠰᠦᠨ  ᠵᠦᠢᠯ ᠢ ᠪᠠᠲᠤᠯᠠᠵᠤ᠂ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ︾ ᠦᠨᠳᠦᠰᠦᠨ ᠵᠠᠷᠴᠢᠮ ᠢ ᠪᠠᠲᠤᠯᠠᠭ᠎ᠠ ᠲᠠᠢ ᠪᠣᠯᠭᠠᠪᠠ᠃      ︽ᠲᠥᠯᠥᠪᠵᠢᠭᠦᠯᠭᠡ︾᠎ ᠳᠤ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠢᠭᠡᠨᠲᠡ ᠲᠣᠭᠲᠠᠭᠠᠭᠰᠠᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠰᠠᠯᠠᠭ᠎ᠠ ᠮᠥᠴᠢᠷ ᠤᠨ ᠶᠣᠰᠣᠭᠠᠷ ᠠᠵᠢᠯ ᠤᠨ ᠬᠤᠪᠢᠶᠠᠷᠢᠯᠠᠯ ᠬᠢᠵᠦ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠵᠡᠮᠳᠡᠭᠴᠦᠳ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠣᠯᠠᠨ ᠬᠦᠷᠢᠶᠡᠨ ᠤ ᠨᠡᠶᠢᠭᠡᠮ ᠤᠨ ᠬᠦᠴᠦᠨ ᠢ ᠲᠡᠳᠡᠨ ᠵᠡᠮᠳᠡᠭᠴᠦᠳ ᠢ ᠲᠡᠳᠬᠦᠨ ᠵᠡᠮᠳᠡᠭᠴᠦᠳ ᠢ ᠬᠠᠪᠰᠤᠷᠬᠤ ᠠᠵᠢᠯ ᠳᠤ ᠣᠷᠣᠯᠴᠠᠭᠤᠯᠵᠤ᠂ ︽ᠲᠥᠯᠥᠪᠵᠢᠭᠦᠯᠭᠡ︾᠎ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠪᠥᠬᠦ ᠲᠠᠯ᠎ᠠ ᠪᠠᠷ ᠪᠠᠲᠤᠯᠠᠪᠠ᠃      ︽ᠰᠢᠩ ᠡᡁᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠣᠯ ᠪᠦᠬᠦ ᠰᠢᠶᠠᠨ ᠤ ᠬᠤᠶᠢᠰᠢᠳᠠ ᠶᠢᠨ ᠲᠠᠪᠤᠨ ᠵᠢᠯ ᠤᠨ ᠵᠡᠮᠳᠡᠭᠴᠦᠳ ᠤᠨ ᠦᠢᠯᠡᠰ ᠤᠨ ᠠᠵᠢᠯ ᠤᠨ ᠭᠤᠣᠯ ᠦᠨᠳᠦᠰᠦᠯᠡᠯ ᠪᠣᠯᠤᠨ᠎ᠠ᠃ ᠠᠭᠤᠯᠭ᠎ᠠ ᠪᠠᠷ ᠪᠠᠶᠠᠯᠢᠭ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠪᠦᠬᠦ ᠰᠢᠶᠠᠨ ᠤ ᠵᠡᠮᠳᠡᠭᠴᠦᠳ ᠤᠨ ᠦᠨᠳᠦᠰᠦᠨ ᠪᠠᠶᠢᠳᠠᠯ ᠢ ᠦᠨᠳᠦᠰᠦᠯᠡᠨ ᠲᠣᠭᠲᠠᠭᠠᠭᠰᠠᠨ ᠭᠦᠢᠴᠡᠳᠬᠡᠬᠦ ᠲᠤᠭ᠎ᠠ ᠰᠢᠨᠵᠢᠯᠡᠬᠦ ᠤᠬᠠᠭᠠᠨᠴᠢ ᠪᠥᠭᠡᠳ ᠬᠡᠷᠡᠭᠵᠢᠭᠦᠯᠦᠭᠦᠰᠢᠲᠡᠢ ᠪᠠᠶᠢᠬᠤ ᠨᠢ ᠣᠳᠣᠬᠠᠨ ᠤ ᠵᠡᠮᠳᠡᠭᠴᠦᠳ ᠤᠨ ᠦᠢᠯᠡᠰ ᠤᠨ ᠠᠵᠢᠯ ᠤᠨ ᠳᠤᠲᠠᠭᠤᠳᠠᠯ ᠢ ᠭᠦᠢᠴᠡᠳ ᠲᠠᠨᠢᠵᠤ᠂ ᠬᠤᠶᠢᠰᠢᠳᠠ ᠶᠢᠨ ᠵᠡᠮᠳᠡᠭᠴᠦᠳ ᠤᠨ ᠠᠵᠢᠯ ᠢ ᠥᠷᠨᠢᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠯᠠᠪᠳᠠᠶ᠎ᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠦᠬᠦ ᠰᠢᠶᠠᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠰᠢᠶᠠᠨ ᠤ ᠵᠡᠮᠳᠡᠭᠴᠦᠳ ᠲᠤ ᠨᠡᠩ ᠤᠯᠠᠨ ᠠᠰᠢᠭ ᠬᠦᠷᠲᠡᠭᠡᠵᠦ᠂ ᠪᠦᠬᠦ ᠰᠢᠶᠠᠨ ᠤ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠪᠣᠯᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3