ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠰᠢᠯᠭᠠᠨ ᠠᠪᠬᠤ ᠠᠵᠢᠯ ᠢ ᠴᠢᠨᠠᠷ ᠰᠠᠶᠢᠲᠠᠶ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ ᠰᠢᠩ ᠾᠧ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠳᠦᠨ ᠪᠠᠶᠢᠭᠤᠯᠬᠤ ᠪᠠᠷᠢᠮᠵᠢᠶ᠎ᠠ ᠲᠠᠢ | ᠬᠠᠷᠢᠴᠠᠭᠤᠯᠤᠨ᠂ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠳᠤ ᠭᠦᠨᠵᠡᠭᠡᠶᠢᠷᠡᠨ ᠢᠳᠡᠭᠡᠨ ᠤ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠨᠢᠭᠡ ᠳᠤ᠂ ᠤᠬᠠᠭᠤᠯᠭ᠎ᠠ ᠪᠠᠨ ᠴᠢᠩᠭᠠᠳᠬᠠᠵᠤ᠂ ᠬᠤᠳᠠ ᠶᠢ ᠡᠭᠦᠳᠦᠨ ᠪᠠᠶᠢᠭᠤᠯᠬᠤ ᠶᠢ ᠣᠶᠢᠯᠠᠭᠠᠬᠤ | ᠨᠤᠷᠮ᠎ᠠ ᠪᠠᠨ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠡᠯ᠎ᠡ | ᠢᠳᠡᠭᠡᠨ ᠤ ᠡᠵᠡᠩᠨᠡᠯᠲᠡ ᠶᠢᠨ ᠭᠠᠵᠠᠷ ᠲᠠᠯᠠᠪᠤᠷ ᠲᠤ ᠰᠢᠨ᠎ᠡ ᠶᠢ ᠡᠭᠦᠳᠬᠦ ᠢᠳᠡᠭᠡᠨ ᠤ ᠠᠮᠤᠷ ᠲᠦᠪᠰᠢᠨ ᠤ | ᠬᠤᠲᠠ ᠶᠢᠨ ᠵᠠᠷᠯᠠᠯ ᠨᠠᠭᠠᠵᠤ᠂ ︽ᠰᠢᠨ᠎ᠡ ᠶᠢ ᠡᠭᠦᠳᠬᠦ ᠬᠤᠲᠠ︾ ᠶᠢᠨ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠶᠢᠨ ᠬᠠᠮᠲᠤ᠂ ᠡᠯ᠎ᠡ ᠡᠵᠡᠩᠨᠡᠯᠲᠡ ᠶᠢᠨ ᠭᠤᠤᠯ ᠴᠣᠭᠴᠠ ᠳᠤ ᠤᠯᠤᠰ ᠤᠨ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠮᠡᠳᠡᠯᠭᠡ ᠶᠢ ᠲᠠᠨᠢᠯᠴᠠᠭᠤᠯᠬᠤ ᠬᠡᠷᠡᠭᠲᠡᠶ᠃ | LED ᠳᠡᠯᠭᠡᠴᠡ ᠲᠠᠢ ᠡᠵᠡᠩᠨᠡᠯᠲᠡ ᠶᠢᠨ ᠭᠤᠤᠯ ᠴᠣᠭᠴᠠ ᠶᠢ ᠳᠠᠶᠢᠴᠢᠯᠠᠨ᠂ ᠬᠤᠲᠠ ᠪᠠᠶᠢᠭᠤᠯᠬᠤ | ᠤᠬᠠᠭᠤᠯᠭ᠎ᠠ ᠶᠢᠨ ᠤᠷᠢᠶ᠎ᠠ ᠶᠢ ᠨᠡᠪᠲᠡᠷᠡᠭᠦᠯᠵᠦ᠂ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ | ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠨᠡᠶᠢᠲᠡᠯᠡᠭᠰᠡᠨ ᠮᠡᠳᠡᠭᠡ ᠵᠠᠩᠭᠢ ᠨᠢ | ᠪᠦᠷᠢᠨ ᠪᠤᠰᠤ᠂ ᠢᠳᠡᠭᠡᠨ ᠤ ᠠᠮᠤᠷ ᠲᠦᠪᠰᠢᠨ ᠤ ᠳᠦᠷᠢᠮ ᠤᠨ ᠠᠭᠤᠯᠭ᠎ᠠ ᠨᠢ ᠵᠢᠷᠤᠮᠵᠢᠯ ᠦᠭᠡᠶ᠂ ᠬᠡᠰᠡᠭ ᠡᠷᠡᠭᠦᠯ | ᠮᠡᠨᠳᠦ ᠶᠢᠨ ᠦᠨᠡᠮᠯᠡᠯ ᠢ ᠬᠤᠭᠤᠴᠠᠭ᠎ᠠ ᠲᠤᠯᠲᠠᠯ᠎ᠠ ᠴᠠᠭ ᠲᠤᠬᠠᠶ ᠳᠤᠨᠢ ᠰᠣᠯᠢᠭᠰᠠᠨ ᠦᠭᠡᠶ᠂ ᠭᠡᠷᠡᠴᠢ ᠪᠠᠷᠢᠮᠲᠠ | ᠠᠪᠤᠭᠰᠠᠨ ᠮᠠᠲ᠋ᠧᠷᠢᠶᠠᠯ ᠨᠢ ᠪᠦᠷᠢᠨ ᠪᠤᠰᠤ᠂ ᠬᠤᠭᠤᠴᠠᠭ᠎ᠠ ᠲᠤᠯᠤᠭᠰᠠᠨ ᠢᠳᠡᠭᠡᠨ ᠪᠠ ᠡᠷᠡᠭᠦᠯᠵᠢᠯ ᠤᠨ ᠡᠳ᠋ ᠤᠨ | ᠲᠤᠰᠬᠠᠶ ᠯᠠᠩᠭᠦᠶ ᠲᠣᠬᠢᠷᠠᠭᠤᠯᠤᠭᠰᠠᠨ ᠦᠭᠡᠶ᠂ ᠰᠤᠯᠠ ᠪᠣᠭᠤᠳᠠᠯᠯᠠᠭᠰᠠᠨ ᠢᠳᠡᠭᠡᠨ ᠤ ᠱᠣᠰᠢᠭ᠎ᠠ ᠲᠡᠮᠳᠡᠭ ᠨᠢ | ᠵᠢᠷᠤᠮᠵᠢᠯ ᠦᠭᠡᠶ᠂ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠱᠠᠭᠠᠷᠳᠠᠯᠭ᠎ᠠ ᠶᠣᠰᠣᠭᠠᠷ ᠰᠢᠶ᠋ᠳᠪᠦᠷᠢᠯᠡᠭᠰᠡᠨ ᠦᠭᠡᠶ | ᠵᠡᠷᠭᠡ ᠠᠰᠠᠭᠤᠳᠠᠯ ᠢ ᠲᠤᠬᠠᠶ ᠶᠢᠨ ᠭᠠᠵᠠᠷ ᠲᠤᠨᠢ ᠬᠠᠪᠰᠤᠷᠤᠨ ᠴᠡᠭᠴᠡᠯᠡᠨ ᠵᠠᠰᠠᠪᠠ᠃ ᠡᠭᠦᠨ ᠤ ᠬᠠᠮᠲᠤ ᠴᠡᠭᠴᠡᠯᠡᠨ | ᠥᠭᠡᠷᠡᠴᠢᠯᠡᠵᠦ ᠳᠠᠭᠤᠰᠬᠠᠬᠤ ᠴᠠᠭ ᠤᠨ ᠬᠢᠵᠠᠭᠠᠷ ᠢ ᠲᠣᠳᠣᠷᠬᠠᠶ ᠲᠣᠭᠲᠠᠭᠠᠵᠤ᠂ ᠲᠣᠭᠲᠠᠭᠰᠠᠨ ᠴᠠᠭ ᠲᠤ ︽ | ᠡᠷᠭᠢᠵᠦ ᠬᠠᠷᠠᠵᠤ︾᠂ ᠨᠢᠭᠡᠳ ᠨᠢᠭᠡ ᠪᠠᠷ ᠳᠠᠩᠰᠠ ᠶᠢ ᠬᠦᠴᠦᠨ ᠦᠭᠡᠶ ᠪᠣᠯᠭᠠᠨ᠎ᠠ᠃ | ᠭᠤᠷᠪᠠ ᠳᠤ᠂ ︽ᠬᠤᠶᠠᠷ ᠬᠠᠷᠢᠭᠤᠴᠠᠯᠭ᠎ᠠ︾ ᠶᠢᠨ ᠳᠠᠭᠠᠳᠬᠠᠯ ᠢ ᠳᠠᠭᠠᠭᠠᠴᠢᠯᠠᠬᠤ ᠶᠢ ᠠᠬᠢᠭᠤᠯᠵᠤ᠂ ᠬᠤᠳᠠ | ᠪᠠᠶᠢᠭᠤᠯᠬᠤ ᠠᠵᠢᠯ ᠳᠤ ᠬᠦᠴᠦ ᠨᠡᠮᠡᠷᠢᠯᠡᠨ᠎ᠡ᠃ ᠰᠢᠶᠠᠩ ᠪᠠᠯᠭᠠᠰᠤᠨ ᠤ ᠬᠢᠨᠠᠨ ᠬᠠᠮᠢᠶᠠᠷᠬᠤ ᠭᠠᠵᠠᠷ ᠤᠨ ᠬᠢᠨ ᠬᠤᠲᠠ | ᠪᠠᠶᠢᠭᠤᠯᠬᠤ ᠠᠵᠢᠯ ᠪᠠ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠳᠠᠭᠠᠳᠬᠠᠯ ᠢ | ᠳᠠᠭᠠᠭᠠᠴᠢᠯᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠳᠠᠭᠠᠳᠬᠠᠯ ᠢ ᠳᠠᠭᠠᠭᠠᠴᠢᠯᠠᠬᠤ ᠺᠠᠳ᠋ᠷᠴᠤᠳ ᠢ | ᠪᠣᠯᠪᠠᠰᠤᠷᠠᠭᠤᠯᠬᠤ ᠠᠵᠢᠯ ᠢ ᠥᠷᠨᠢᠭᠦᠯᠪᠡ᠃ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ᠤᠨ ᠢᠳᠡᠭᠡᠨ ᠤ | ᠡᠵᠡᠩᠨᠡᠯᠲᠡ ᠶᠢᠨ ᠭᠤᠤᠯ ᠴᠣᠭᠴᠠ ᠳᠤ ᠣᠷᠣᠬᠤ ᠶᠢ ᠬᠢᠨᠠᠨ ᠵᠢᠯᠣᠭᠤᠳᠬᠤ ᠠᠭᠤᠯᠭ᠎ᠠ ᠶᠢ ᠨᠢᠭᠡᠳ ᠨᠢᠭᠡ ᠪᠠᠷ ᠨᠠᠷᠢᠨ | ᠲᠠᠶᠢᠯᠪᠤᠷᠢᠯᠠᠵᠤ ᠵᠢᠯᠣᠭᠤᠳᠤᠨ᠎ᠠ᠃ | ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠲᠤᠪᠴᠢᠶ᠎ᠡ ᠦᠷᠭᠦᠯᠵᠢᠯᠡᠨ | ᠬᠦᠴᠦᠯᠡᠵᠦ᠂ ᠬᠠᠤᠯᠢ ᠬᠡᠷᠡᠭᠵᠢᠭᠦᠯᠬᠦ ᠠᠵᠢᠯᠲᠠᠳ ᠳᠤᠭᠤᠶᠢᠯᠠᠩ ᠬᠤᠪᠢᠶᠠᠨ ᠵᠡᠭᠡᠯᠢ ᠭᠤᠳᠤᠮᠵᠢ ᠬᠤᠪᠢᠶᠠᠵᠤ᠂ ᠡᠳᠦᠷ | ᠪᠦᠷᠢ ᠲᠠᠰᠤᠯᠳᠠᠭᠤᠯᠤᠨ ᠲᠣᠭᠤᠷᠢᠨ ᠪᠠᠶᠢᠴᠠᠭᠠᠵᠤ᠂ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠲᠡᠳᠡᠨ ᠢ ᠱᠠᠯᠠᠪᠳᠠᠭᠤᠯᠤᠨ ᠡᠯ᠎ᠡ ᠵᠦᠢᠯ ᠤᠨ | ᠨᠠᠷᠢᠨ ᠵᠦᠢᠯᠡᠰ ᠢ ᠲᠡᠭᠦᠯᠳᠡᠷᠵᠢᠭᠦᠯᠵᠦ᠂ ᠬᠤᠳᠠ ᠪᠠᠶᠢᠭᠤᠯᠬᠤ ᠰᠢᠯᠭᠠᠨ ᠠᠪᠬᠤ ᠳᠤ ᠬᠠᠨᠤᠮᠵᠢᠲᠠᠢ ᠰᠢᠯᠭᠠᠯᠲᠠ ᠶᠢᠨ | ᠬᠠᠭᠤᠳᠠᠰᠤ ᠲᠤᠰᠢᠶᠠᠯᠭᠠᠨ᠎ᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |