ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
     2 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠠᠩᠭᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠯᠠᠭᠱᠠ ᠵᠡᠭᠦᠨ ᠬᠤᠰᠢᠭᠤᠨ ᠤ ᠨᠢᠭᠡᠨ ᠵᠠᠳᠠᠭᠠᠢ ᠨᠡᠭᠦᠷᠡᠰᠦᠨ ᠠᠭᠤᠷᠬᠠᠢ ᠨᠤᠷᠠᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠰᠠᠨᠠᠯ ︵2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ︶ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠥᠭᠴᠡᠢ᠃      ᠯᠢ ᠺᠠᠢ ᠳ᠋ᠦᠩ᠂ ᠣᠳᠣᠬᠠᠨ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠵᠤ ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠯᠠᠪᠳᠠᠭᠤᠨ ᠪᠠᠲᠤᠲᠠᠢ ᠪᠠᠬᠢᠵᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠤ ᠠᠵᠢᠯ ᠤᠨ ᠵᠥᠩᠨᠡᠯᠲᠡ ᠶᠢᠨ ᠴᠢᠨᠠᠷ ᠪᠠ ᠬᠠᠨᠳᠤᠯᠭᠠᠲᠤ ᠴᠢᠨᠠᠷ ᠢ ᠦᠨᠡᠨᠬᠦ ᠴᠢᠩᠭᠠᠳᠬᠠᠵᠤ᠂ ᠪᠥᠬᠦ ᠤᠯᠤᠰ ᠤᠨ ᠬᠤᠶᠠᠷ ᠬᠤᠷᠠᠯ ᠤᠨ ᠠᠮᠤᠷ ᠲᠦᠪᠰᠢᠨ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠯᠬᠢᠶ᠎ᠡ ᠪᠠᠷ ᠠᠷᠠᠯᠵᠢᠶᠠᠴᠢᠨ ᠤᠷᠢᠬᠤ ᠪᠠ ᠲᠠᠪᠴᠠᠩ ᠤᠨ ᠠᠴᠢᠶᠠᠯᠠᠪᠤᠷᠢ ᠶᠢ ᠴᠣᠭᠴᠠᠯᠠᠬᠤ ᠳᠡᠭᠡᠷ᠎ᠡ ᠬᠦᠴᠦ ᠲᠠᠯᠪᠢᠵᠤ᠂ ᠨᠢᠭᠡ ᠪᠦᠯᠦᠭ ︽ᠬᠤᠭᠤᠰᠣᠨ ᠢ ᠪᠥᠭᠯᠡᠬᠦ ᠬᠡᠯᠪᠡᠷᠢ︾ ᠶᠢᠨ ᠠᠵᠤ ᠠᠬᠤᠶᠢᠯᠠᠯ᠂ ︽ᠨᠥᠬᠦᠪᠥᠷᠢᠯᠡᠬᠦ ᠬᠡᠯᠪᠡᠷᠢ︾ ᠶᠢᠨ ᠲᠦᠷᠦᠯ ᠵᠦᠢᠯ ᠢ ᠲᠠᠲᠠᠵᠤ᠂ ᠰᠢᠨ᠎ᠡ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠶᠢ ᠳᠠᠶᠢᠴᠢᠯᠠᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃      ᠬᠤᠷᠠᠯ ᠠᠴᠠ ︽ᠰᠢᠩ ᠡᡁᠧ ᠰᠢᠶᠠᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠬᠡᠷᠡᠭᠵᠢᠭᠦᠯᠬᠦ ᠲᠥᠰᠦᠯ︾᠂ ︽ᠰᠢᠩ ᠡᡁᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠤᠨ ᠲᠦᠷᠦᠯ ᠵᠦᠢᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠵᠡᠷᠭᠡ ᠲᠥᠰᠦᠯ ᠢ ᠬᠢᠨᠠᠨ ᠵᠥᠪᠯᠡᠪᠡ︔ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠦᠭᠭᠦᠪᠡ᠃      ᠰᠢᠶᠠᠨ ᠤ ᠤᠳᠤᠷᠢᠳᠤᠯᠭ᠎ᠠ ᠾᠧ ᠶᠢᠩ ᠽᠢ᠂ ᠰᠦᠨ ᠬᠠᠢ ᠵᠢᠶᠦ᠋ᠨ᠂ ᠵᠧᠦ ᠷᠦᠢ ᠵᠢᠶᠦ᠋ᠨ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3