ᠸᠠᠩ ᠬᠤᠢ ᠢᠦᠢ ᠨᠡᠷ ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠪᠠ
ᠨᠡᠶᠢᠲᠡᠯᠡᠭᠰᠡᠨ ᠴᠠᠭ᠄
2023/3/1
     2 ᠰᠠᠷ᠎ᠠ ᠶᠢᠨ 28 ᠤ ᠡᠳᠦᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠶᠠᠨ ᠸᠧᠨ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠪᠠ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠢᠶ᠎ᠠ ᠶᠢᠨ ᠡᠷᠬᠢᠯᠡᠭᠴᠢ ᠭᠦᠸᠧ ᠰᠢᠶᠠᠩ ᠢᠦᠶ᠂ ᠳᠡᠳ᠋ ᠡᠷᠬᠢᠯᠡᠭᠴᠢ ᠮᠠ ᠰᠢ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠬᠤᠶ ᠢᠦᠶ ᠵᠢᠴᠢ ᠰᠢᠶᠠᠨ ᠤ ᠤᠳᠤᠷᠢᠳᠤᠯᠭ᠎ᠠ ᠸᠠᠩ ᠰᠢᠶᠤᠤ ᠵᠢᠶᠦ᠋ᠨ᠂ ᠾᠧᠦ ᠶᠢᠩ ᠪᠠᠷ᠎ᠠ ᠪᠣᠯᠵᠣ ᠬᠠᠮᠲᠤ ᠶᠠᠪᠤᠪᠠ
     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠯᠢᠦ ᠶᠦᠩ᠂ ᠬᠠᠩᠭᠠᠨ ᠪᠣᠷᠣᠯᠠᠭᠤᠯᠬᠤ ᠪᠦᠯᠦᠭᠯᠡᠯ ᠤᠨ ᠪᠡᠯᠡ ᠣᠷᠣᠭᠤᠯᠤᠯᠲᠠ ᠶᠢᠨ ᠬᠡᠯᠲᠡᠰ ᠵᠢᠴᠢ ᠬᠠᠩᠭᠠᠨ ᠪᠣᠷᠣᠯᠠᠭᠤᠯᠬᠤ ᠪᠦᠯᠦᠭᠯᠡᠯ ᠤᠨ ᠬᠠᠷᠢᠶᠠᠨ ᠳᠠᠬᠢ ᠬᠡᠰᠡᠭ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠪᠠ᠃ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ᠂ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠵᠢᠴᠢ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠥᠪᠯᠡᠷᠡᠭᠦᠯᠦᠨ ᠴᠤᠭᠯᠠᠭᠤᠯᠵᠤ ᠳᠣᠭᠢᠷᠠᠭᠤᠯᠬᠤ ᠲᠥᠪ ᠢ ᠪᠠᠶᠢᠭᠤᠯᠬᠤ᠂ ᠰᠢᠶᠠᠨ ᠤ ᠬᠡᠪᠴᠢᠶᠡᠨ ᠤ ᠭᠦᠢᠯᠭᠡᠭᠡᠨ ᠤ  ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠬᠦ ᠵᠡᠷᠭᠡ ᠤᠴᠢᠷ ᠶᠠᠪᠤᠳᠠᠯ ᠤᠨ ᠲᠤᠬᠠᠶ ᠭᠦᠨᠵᠡᠭᠡᠶ ᠰᠣᠯᠢᠯᠴᠠᠨ᠎ᠠ᠃      ᠶᠠᠷᠢᠯᠴᠠᠬᠤ ᠬᠤᠷᠠᠯ ᠳᠡᠭᠡᠷ᠎ᠡ᠂ ᠸᠠᠩ ᠬᠤᠢ ᠢᠦᠢ᠂ ᠰᠢᠩ ᠡᡁᠧ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠮᠢ ᠠᠬᠤᠢ ᠶᠢᠨ ᠡᠬᠢ ᠪᠠᠶᠠᠯᠢᠭ ᠡᠯᠪᠡᠭ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠮᠵᠢᠶ᠎ᠡ ᠶᠡᠭᠡ ᠶᠠᠰᠤ ᠴᠢᠨᠠᠷ ᠰᠢᠯᠢᠳᠡᠭ ᠪᠠᠶᠢᠵᠤ᠂ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠦᠰᠡᠯᠡᠩ ᠤᠨ ᠰᠠᠭᠤᠷᠢᠨ ᠪᠣᠯᠤᠨ᠎ᠠ ᠭᠡᠵᠦ ᠵᠢᠭᠠᠵᠤ ᠭᠠᠷᠭᠠᠪᠠ᠃ ᠸᠠᠩ ᠬᠤᠢ ᠢᠦᠶ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ ᠪᠦᠯᠦᠭᠯᠡᠯ ᠨᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠦᠷᠢᠶᠡᠨ ᠳᠠᠬᠢ ᠴᠢᠬᠤᠯᠠ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠤᠰᠬᠠᠶᠢᠵᠢᠭᠰᠠᠨ᠂ ᠬᠡᠪᠴᠢᠶᠡᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠠᠯ᠎ᠠ ᠪᠠᠷ ᠣᠷᠣᠯᠠᠭᠤᠯᠵᠤ ᠪᠣᠯᠤᠰᠢ ᠥᠬᠡᠶ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠪᠠᠷ᠂ ᠭᠦᠨ ᠲᠠᠰ ᠳᠠᠪᠬᠤᠷᠭ᠎ᠠ ᠪᠠᠷ᠂ ᠣᠯᠠᠨ ᠡᠰᠢᠴᠢᠯᠡᠨ ᠬᠠᠮᠲᠤᠷᠠᠯᠴᠠᠭ᠎ᠠ ᠥᠷᠨᠢᠭᠦᠯᠵᠦ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠶᠢ ᠬᠠᠮᠲᠤᠪᠠᠷ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠰᠢᠩ ᠾᠧ ᠰᠢᠶᠠᠨ ᠤ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃      ᠯᠢᠦ ᠶᠦᠩ ᠰᠢᠩ ᠡᡁᠧ ᠰᠢᠶᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠣᠨᠣᠪᠴᠢᠲᠠᠢ ᠣᠯᠵᠤ᠂ ᠰᠢᠩ ᠡᡁᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3