ᠰᠢᠶᠠᠨ ᠤ ᠵᠠᠬ᠎ᠠ ᠳᠡᠯᠭᠡᠭᠦᠷ ‍ᠤᠨ‌‍ᠲ᠋ᠤᠪᠴᠢᠶ᠎ᠡ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2023/3/1
     ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠰᠢᠯᠭᠠᠨ ᠠᠪᠬᠤ ᠠᠵᠢᠯ ᠢ ᠴᠢᠨᠠᠷ ᠰᠠᠶᠢᠲᠠᠶ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠤᠨ᠂ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠳᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠨᠢᠭᠡ ᠳᠤ᠂ ᠤᠬᠠᠭᠤᠯᠭ᠎ᠠ ᠪᠠᠨ ᠴᠢᠩᠭᠠᠳᠬᠠᠵᠤ᠂ ᠬᠤᠳᠠ ᠶᠢ ᠡᠭᠦᠳᠦᠨ ᠪᠠᠶᠢᠭᠤᠯᠬᠤ ᠶᠢ ᠣᠶᠢᠯᠠᠭᠠᠬᠤ ᠨᠤᠷᠮ᠎ᠠ ᠪᠠᠨ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠡᠯ᠎ᠡ ᠢᠳᠡᠭᠡᠨ ᠤ ᠡᠵᠡᠩᠨᠡᠯᠲᠡ ᠶᠢᠨ ᠭᠠᠵᠠᠷ ᠲᠠᠯᠠᠪᠤᠷ ᠲᠤ ᠰᠢᠨ᠎ᠡ ᠶᠢ ᠡᠭᠦᠳᠬᠦ ᠢᠳᠡᠭᠡᠨ ᠤ ᠠᠮᠤᠷ ᠲᠦᠪᠰᠢᠨ ᠤ ᠬᠤᠲᠠ ᠶᠢᠨ ᠵᠠᠷᠯᠠᠯ ᠨᠠᠭᠠᠵᠤ᠂ ︽ᠰᠢᠨ᠎ᠡ ᠶᠢ ᠡᠭᠦᠳᠬᠦ ᠬᠤᠲᠠ︾ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ᠂ ᠡᠯ᠎ᠡ ᠡᠵᠡᠩᠨᠡᠯᠲᠡ ᠶᠢᠨ ᠭᠤᠤᠯ ᠴᠣᠭᠴᠠ ᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠮᠡᠳᠡᠯᠭᠡ ᠶᠢ ᠲᠠᠨᠢᠯᠴᠠᠭᠤᠯᠬᠤ ᠬᠡᠷᠡᠭᠲᠡᠶ᠃ LED ᠳᠡᠯᠭᠡᠴᠡ ᠲᠠᠢ ᠡᠵᠡᠩᠨᠡᠯᠲᠡ ᠶᠢᠨ ᠭᠤᠤᠯ ᠴᠣᠭᠴᠠ ᠶᠢ ᠳᠠᠶᠢᠴᠢᠯᠠᠨ᠂ ᠬᠤᠲᠠ ᠪᠠᠶᠢᠭᠤᠯᠬᠤ ᠤᠬᠠᠭᠤᠯᠭ᠎ᠠ ᠶᠢᠨ ᠤᠷᠢᠶ᠎ᠠ ᠶᠢ ᠨᠡᠪᠲᠡᠷᠡᠭᠦᠯᠵᠦ᠂ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃      ᠬᠤᠶᠠᠷ ᠲᠤ᠂ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠨᠡᠶᠢᠲᠡᠯᠡᠭᠰᠡᠨ ᠮᠡᠳᠡᠭᠡ ᠵᠠᠩᠭᠢ ᠨᠢ ᠪᠦᠷᠢᠨ ᠪᠤᠰᠤ᠂ ᠢᠳᠡᠭᠡᠨ ᠤ ᠠᠮᠤᠷ ᠲᠦᠪᠰᠢᠨ ᠤ ᠳᠦᠷᠢᠮ ᠤᠨ ᠠᠭᠤᠯᠭ᠎ᠠ ᠨᠢ ᠵᠢᠷᠤᠮᠵᠢᠯ ᠦᠭᠡᠶ᠂ ᠬᠡᠰᠡᠭ ᠡᠷᠡᠭᠦᠯ ᠮᠡᠨᠳᠦ ᠶᠢᠨ ᠦᠨᠡᠮᠯᠡᠯ ᠢ ᠬᠤᠭᠤᠴᠠᠭ᠎ᠠ ᠲᠤᠯᠲᠠᠯ᠎ᠠ ᠴᠠᠭ ᠲᠤᠬᠠᠶ ᠳᠤᠨᠢ ᠰᠣᠯᠢᠭᠰᠠᠨ ᠦᠭᠡᠶ᠂ ᠭᠡᠷᠡᠴᠢ ᠪᠠᠷᠢᠮᠲᠠ ᠠᠪᠤᠭᠰᠠᠨ ᠮᠠᠲ᠋ᠧᠷᠢᠶᠠᠯ ᠨᠢ ᠪᠦᠷᠢᠨ ᠪᠤᠰᠤ᠂ ᠬᠤᠭᠤᠴᠠᠭ᠎ᠠ ᠲᠤᠯᠤᠭᠰᠠᠨ ᠢᠳᠡᠭᠡᠨ ᠪᠠ ᠡᠷᠡᠭᠦᠯᠵᠢᠯ ᠤᠨ ᠡᠳ᠋ ᠤᠨ ᠲᠤᠰᠬᠠᠶ ᠯᠠᠩᠭᠦᠶ ᠲᠣᠬᠢᠷᠠᠭᠤᠯᠤᠭᠰᠠᠨ ᠦᠭᠡᠶ᠂ ᠰᠤᠯᠠ ᠪᠣᠭᠤᠳᠠᠯᠯᠠᠭᠰᠠᠨ ᠢᠳᠡᠭᠡᠨ ᠤ ᠱᠣᠰᠢᠭ᠎ᠠ ᠲᠡᠮᠳᠡᠭ ᠨᠢ ᠵᠢᠷᠤᠮᠵᠢᠯ ᠦᠭᠡᠶ᠂ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠱᠠᠭᠠᠷᠳᠠᠯᠭ᠎ᠠ ᠶᠣᠰᠣᠭᠠᠷ ᠰᠢᠶ᠋ᠳᠪᠦᠷᠢᠯᠡᠭᠰᠡᠨ ᠦᠭᠡᠶ ᠵᠡᠷᠭᠡ ᠠᠰᠠᠭᠤᠳᠠᠯ ᠢ ᠲᠤᠬᠠᠶ ᠶᠢᠨ ᠭᠠᠵᠠᠷ ᠲᠤᠨᠢ ᠬᠠᠪᠰᠤᠷᠤᠨ ᠴᠡᠭᠴᠡᠯᠡᠨ ᠵᠠᠰᠠᠪᠠ᠃ ᠡᠭᠦᠨ ᠤ ᠬᠠᠮᠲᠤ ᠴᠡᠭᠴᠡᠯᠡᠨ ᠥᠭᠡᠷᠡᠴᠢᠯᠡᠵᠦ ᠳᠠᠭᠤᠰᠬᠠᠬᠤ ᠴᠠᠭ ᠤᠨ ᠬᠢᠵᠠᠭᠠᠷ ᠢ ᠲᠣᠳᠣᠷᠬᠠᠶ ᠲᠣᠭᠲᠠᠭᠠᠵᠤ᠂ ᠲᠣᠭᠲᠠᠭᠰᠠᠨ ᠴᠠᠭ ᠲᠤ ︽ᠡᠷᠭᠢᠵᠦ ᠬᠠᠷᠠᠵᠤ︾᠂ ᠨᠢᠭᠡᠳ ᠨᠢᠭᠡ ᠪᠠᠷ ᠳᠠᠩᠰᠠ ᠶᠢ ᠬᠦᠴᠦᠨ ᠦᠭᠡᠶ ᠪᠣᠯᠭᠠᠨ᠎ᠠ᠃      ᠭᠤᠷᠪᠠ ᠳᠤ᠂ ︽ᠬᠤᠶᠠᠷ ᠬᠠᠷᠢᠭᠤᠴᠠᠯᠭ᠎ᠠ︾ ᠶᠢᠨ ᠳᠠᠭᠠᠳᠬᠠᠯ ᠢ ᠳᠠᠭᠠᠭᠠᠴᠢᠯᠠᠬᠤ ᠶᠢ ᠠᠬᠢᠭᠤᠯᠵᠤ᠂ ᠬᠤᠳᠠ ᠪᠠᠶᠢᠭᠤᠯᠬᠤ ᠠᠵᠢᠯ ᠳᠤ ᠬᠦᠴᠦ ᠨᠡᠮᠡᠷᠢᠯᠡᠨ᠎ᠡ᠃ ᠰᠢᠶᠠᠩ ᠪᠠᠯᠭᠠᠰᠤᠨ ᠤ ᠬᠢᠨᠠᠨ ᠬᠠᠮᠢᠶᠠᠷᠬᠤ ᠭᠠᠵᠠᠷ ᠤᠨ ᠬᠢᠨ ᠬᠤᠲᠠ ᠪᠠᠶᠢᠭᠤᠯᠬᠤ ᠠᠵᠢᠯ ᠪᠠ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠳᠠᠭᠠᠳᠬᠠᠯ ᠢ ᠳᠠᠭᠠᠭᠠᠴᠢᠯᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠳᠠᠭᠠᠳᠬᠠᠯ ᠢ ᠳᠠᠭᠠᠭᠠᠴᠢᠯᠠᠬᠤ ᠺᠠᠳ᠋ᠷᠴᠤᠳ ᠢ ᠪᠣᠯᠪᠠᠰᠤᠷᠠᠭᠤᠯᠬᠤ ᠠᠵᠢᠯ ᠢ ᠥᠷᠨᠢᠭᠦᠯᠪᠡ᠃ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ᠤᠨ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠳᠤ ᠣᠷᠣᠬᠤ ᠶᠢ ᠬᠢᠨᠠᠨ ᠵᠢᠯᠣᠭᠤᠳᠬᠤ ᠠᠭᠤᠯᠭ᠎ᠠ ᠶᠢ ᠨᠢᠭᠡᠳ ᠨᠢᠭᠡ ᠪᠠᠷ ᠨᠠᠷᠢᠨ ᠲᠠᠶᠢᠯᠪᠤᠷᠢᠯᠠᠵᠤ ᠵᠢᠯᠣᠭᠤᠳᠤᠨ᠎ᠠ᠃      ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠲᠤᠪᠴᠢᠶ᠎ᠡ ᠦᠷᠭᠦᠯᠵᠢᠯᠡᠨ ᠬᠦᠴᠦᠯᠡᠵᠦ᠂ ᠬᠠᠤᠯᠢ ᠬᠡᠷᠡᠭᠵᠢᠭᠦᠯᠬᠦ ᠠᠵᠢᠯᠲᠠᠳ ᠳᠤᠭᠤᠶᠢᠯᠠᠩ ᠬᠤᠪᠢᠶᠠᠨ ᠵᠡᠭᠡᠯᠢ ᠭᠤᠳᠤᠮᠵᠢ ᠬᠤᠪᠢᠶᠠᠵᠤ᠂ ᠡᠳᠦᠷ ᠪᠦᠷᠢ ᠲᠠᠰᠤᠯᠳᠠᠭᠤᠯᠤᠨ ᠲᠣᠭᠤᠷᠢᠨ ᠪᠠᠶᠢᠴᠠᠭᠠᠵᠤ᠂ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠲᠡᠳᠡᠨ ᠢ ᠱᠠᠯᠠᠪᠳᠠᠭᠤᠯᠤᠨ ᠡᠯ᠎ᠡ ᠵᠦᠢᠯ ᠤᠨ ᠨᠠᠷᠢᠨ ᠵᠦᠢᠯᠡᠰ ᠢ ᠲᠡᠭᠦᠯᠳᠡᠷᠵᠢᠭᠦᠯᠵᠦ᠂ ᠬᠤᠳᠠ ᠪᠠᠶᠢᠭᠤᠯᠬᠤ ᠰᠢᠯᠭᠠᠨ ᠠᠪᠬᠤ ᠳᠤ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠯᠭᠠᠨ᠎ᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3