2 ᠰᠠᠷ᠎ᠠ ᠶᠢᠨ 28 ᠤ ᠡᠳᠦᠷ᠂ ᠰᠢᠩ ᠡᡁᠧ ᠰᠢᠶᠠᠨ ᠤ ᠵᠠᠰᠠᠭ ᠤᠨ ᠣᠷᠳᠣᠨ ᠷᠦᠨ ᠰᠢᠶᠠᠩ ᠤᠨ ᠱᠢ ᠶᠢᠩ | ᠱᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠲᠠᠢ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠳᠤ | ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠵᠧᠤ ᠷᠦᠢ ᠵᠢᠶᠦ᠋ᠨ᠂ ᠣᠲᠤᠭ ᠬᠤᠰᠢᠭᠤᠨ ᠤ ᠷᠦᠨ ᠰᠢᠶᠠᠩ ᠱᠢ ᠶᠢᠩ ᠱᠢ ᠠᠭᠤᠷᠬᠠᠶ ᠶᠢᠨ | ᠦᠢᠯᠡᠰ ᠤᠨ ᠬᠢᠵᠠᠭᠠᠷᠲᠤ ᠺᠣᠮᠫᠠᠨᠢ ᠶᠢᠨ ᠬᠤᠪᠢ ᠣᠷᠣᠭᠤᠯᠤᠭᠴᠢ ᠭᠦᠸᠧ ᠴᠧᠩ ᠬᠠᠶ ᠨᠠᠷ ᠵᠢᠴᠢ ᠰᠢᠶᠠᠨ ᠤ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠭᠠᠷ ᠤᠨ ᠥᠰᠥᠭ ᠵᠢᠷᠤᠬᠤ | ᠶᠣᠰᠣᠯᠠᠯ ᠳᠤ ᠣᠷᠣᠯᠴᠠᠵᠠᠶ᠃ | ᠤᠲᠤᠭ ᠬᠤᠰᠢᠭᠤᠨ ᠤ ᠷᠦᠨ ᠰᠢᠶᠠᠩ ᠱᠢ ᠶᠢᠩ ᠱᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ | ᠮᠠᠨ ᠤ ᠰᠢᠶᠠᠨ ᠳᠤ 12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 26 ᠲᠦᠮᠡᠨ ᠲᠣᠨ ᠤᠯᠠᠨ ᠲᠠᠯᠠᠰᠲᠤ | ᠴᠠᠬᠢᠭᠤᠷ ᠤᠨ ᠦᠢᠯᠡᠳᠪᠦᠷᠢᠯᠡᠯ ᠵᠢᠴᠢ ᠢᠵᠢ ᠪᠦᠷᠢᠳᠦᠭᠰᠡᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ | ᠵᠦᠢᠯ ᠢ ᠪᠠᠶᠢᠭᠤᠯᠬᠤ ᠪᠠᠷ ᠪᠤᠢ᠃ ᠬᠤᠶᠠᠷ ᠲᠠᠯ᠎ᠠ ᠶᠢᠨ ᠡᠨᠡ ᠤᠳᠠᠭ᠎ᠠ ᠶᠢᠨ ᠬᠠᠮᠲᠤᠷᠠᠯᠴᠠᠭ᠎ᠠ ᠨᠢ ᠲᠤᠰ ᠲᠤᠰ ᠤᠨ | ᠡᠬᠢ ᠪᠠᠶᠠᠯᠢᠭ ᠢᠶᠠᠨ ᠠᠰᠢᠭᠯᠠᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠲᠡᠵᠦ᠂ ᠬᠠᠮᠲᠤᠪᠠᠷ ᠵᠠᠬ᠎ᠠ ᠳᠡᠯᠭᠡᠭᠦᠷ ᠢ ᠨᠡᠭᠡᠭᠡᠵᠦ᠂ ᠬᠥᠭᠵᠢᠯᠲᠡ ᠶᠢ ᠰᠦᠪᠡᠭᠴᠢᠯᠡᠬᠦ ᠶᠢᠨ | ᠲᠥᠯᠥᠭᠡ ᠶᠤᠮ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠤᠷᠳᠤ ᠬᠤᠭᠤᠴᠠᠭᠠᠨ ᠤ ᠠᠰᠢᠭ ᠲᠤᠰᠠ ᠶᠢ | ᠪᠣᠳᠣᠯᠬᠢᠯᠠᠵᠤ᠂ ᠤᠷᠳᠤ ᠬᠤᠭᠤᠴᠠᠭᠠᠨ ᠤ᠂ ᠦᠷᠭᠦᠯᠵᠢᠯᠡᠬᠦ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠬᠤ ᠪᠠᠷ | ᠴᠢᠷᠮᠠᠶᠢᠵᠤ᠂ ᠮᠠᠨ ᠤ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠠᠬᠢᠭᠤᠯᠤᠨ᠎ᠠ᠃ | ᠯᠢ ᠺᠠᠶ ᠳ᠋ᠦᠩ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠰᠢᠩ ᠾᠧ | ᠰᠢᠶᠠᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ | ᠪᠣᠶ ᠪᠣᠯᠭᠠᠨ᠎ᠠ᠂ ᠡᠭᠦᠨ ᠤ ᠵᠡᠷᠭᠡ ᠳᠤ ᠮᠠᠨ ᠤ ᠰᠢᠶᠠᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠪᠥᠬᠦ | ᠠᠵᠢᠯᠲᠠᠨ ᠬᠤᠳᠠᠯᠳᠤᠭᠠᠴᠢᠨ ᠤᠷᠢᠬᠤ᠂ ᠪᠥᠬᠦ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ | ᠦᠷᠭᠦᠯᠵᠢᠯᠡᠨ ᠳᠥᠯᠭᠢᠨ ᠠᠬᠢᠭᠤᠯᠵᠤ᠂ ᠨᠠᠩ ᠣᠯᠠᠨ ᠡᠷᠳᠡᠮᠲᠡᠨ ᠮᠡᠷᠭᠡᠳ ᠢ ᠲᠡᠳᠡᠨ ᠴᠤᠭᠯᠠᠷᠠᠭᠤᠯᠵᠤ ᠰᠢᠩ ᠾᠧ | ᠰᠢᠶᠠᠨ ᠤ ᠵᠠᠰᠠᠭ ᠤᠨ ᠣᠷᠳᠣᠨ ᠬᠦᠰᠡᠯ ᠵᠣᠷᠢᠭ ᠢᠶᠠᠨ ᠬᠥᠪᠴᠢᠯᠡᠵᠦ᠂ ᠠᠵᠢᠯ ᠦᠢᠯᠡᠰ ᠢ ᠪᠦᠲᠦᠭᠡᠵᠦ᠂ | ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠢᠷᠡᠭᠡᠳᠦᠶ ᠶᠢ ᠬᠠᠮᠲᠤ ᠪᠠᠷ ᠠᠰᠢᠭ ᠭᠥᠷᠳᠡᠨ᠎ᠡ ᠭᠡᠵᠡᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |