ᠰᠢᠩ ᠡᡁᠧ ᠰᠢᠶᠠᠨ ᠤ ᠵᠠᠰᠠᠭ ᠤᠨ ᠣᠷᠳᠣᠨ ᠷᠦᠨ ᠰᠢᠶᠠᠩ ᠱᠢ ᠶᠢᠩ ᠱᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠲᠠᠢ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2023/3/2
     2 ᠰᠠᠷ᠎ᠠ ᠶᠢᠨ 28 ᠤ ᠡᠳᠦᠷ᠂ ᠰᠢᠩ ᠡᡁᠧ ᠰᠢᠶᠠᠨ ᠤ ᠵᠠᠰᠠᠭ ᠤᠨ ᠣᠷᠳᠣᠨ ᠷᠦᠨ ᠰᠢᠶᠠᠩ ᠤᠨ ᠱᠢ ᠶᠢᠩ ᠱᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠲᠠᠢ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠤ ᠷᠦᠢ ᠵᠢᠶᠦ᠋ᠨ᠂ ᠣᠲᠤᠭ ᠬᠤᠰᠢᠭᠤᠨ ᠤ ᠷᠦᠨ ᠰᠢᠶᠠᠩ ᠱᠢ ᠶᠢᠩ ᠱᠢ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠤᠪᠢ ᠣᠷᠣᠭᠤᠯᠤᠭᠴᠢ ᠭᠦᠸᠧ ᠴᠧᠩ ᠬᠠᠶ ᠨᠠᠷ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠠᠶ᠃      ᠤᠲᠤᠭ ᠬᠤᠰᠢᠭᠤᠨ ᠤ ᠷᠦᠨ ᠰᠢᠶᠠᠩ ᠱᠢ ᠶᠢᠩ ᠱᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠮᠠᠨ ᠤ ᠰᠢᠶᠠᠨ ᠳᠤ 12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 26 ᠲᠦᠮᠡᠨ ᠲᠣᠨ ᠤᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠵᠢᠴᠢ ᠢᠵᠢ ᠪᠦᠷᠢᠳᠦᠭᠰᠡᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠢ ᠪᠠᠶᠢᠭᠤᠯᠬᠤ ᠪᠠᠷ ᠪᠤᠢ᠃ ᠬᠤᠶᠠᠷ ᠲᠠᠯ᠎ᠠ ᠶᠢᠨ ᠡᠨᠡ ᠤᠳᠠᠭ᠎ᠠ ᠶᠢᠨ ᠬᠠᠮᠲᠤᠷᠠᠯᠴᠠᠭ᠎ᠠ ᠨᠢ ᠲᠤᠰ ᠲᠤᠰ ᠤᠨ ᠡᠬᠢ ᠪᠠᠶᠠᠯᠢᠭ ᠢᠶᠠᠨ ᠠᠰᠢᠭᠯᠠᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠵᠦ᠂ ᠬᠠᠮᠲᠤᠪᠠᠷ ᠵᠠᠬ᠎ᠠ ᠳᠡᠯᠭᠡᠭᠦᠷ ᠢ ᠨᠡᠭᠡᠭᠡᠵᠦ᠂ ᠬᠥᠭᠵᠢᠯᠲᠡ ᠶᠢ ᠰᠦᠪᠡᠭᠴᠢᠯᠡᠬᠦ ᠶᠢᠨ ᠲᠥᠯᠥᠭᠡ ᠶᠤᠮ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠤᠷᠳᠤ ᠬᠤᠭᠤᠴᠠᠭᠠᠨ ᠤ ᠠᠰᠢᠭ ᠲᠤᠰᠠ ᠶᠢ ᠪᠣᠳᠣᠯᠬᠢᠯᠠᠵᠤ᠂ ᠤᠷᠳᠤ ᠬᠤᠭᠤᠴᠠᠭᠠᠨ ᠤ᠂ ᠦᠷᠭᠦᠯᠵᠢᠯᠡᠬᠦ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠵᠤ᠂ ᠮᠠᠨ ᠤ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃      ᠯᠢ ᠺᠠᠶ ᠳ᠋ᠦᠩ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠂ ᠡᠭᠦᠨ ᠤ ᠵᠡᠷᠭᠡ ᠳᠤ ᠮᠠᠨ ᠤ ᠰᠢᠶᠠᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠪᠥᠬᠦ ᠠᠵᠢᠯᠲᠠᠨ ᠬᠤᠳᠠᠯᠳᠤᠭᠠᠴᠢᠨ ᠤᠷᠢᠬᠤ᠂ ᠪᠥᠬᠦ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠳᠥᠯᠭᠢᠨ ᠠᠬᠢᠭᠤᠯᠵᠤ᠂ ᠨᠠᠩ ᠣᠯᠠᠨ ᠡᠷᠳᠡᠮᠲᠡᠨ ᠮᠡᠷᠭᠡᠳ ᠢ ᠲᠡᠳᠡᠨ ᠴᠤᠭᠯᠠᠷᠠᠭᠤᠯᠵᠤ ᠰᠢᠩ ᠾᠧ ᠰᠢᠶᠠᠨ ᠤ ᠵᠠᠰᠠᠭ ᠤᠨ ᠣᠷᠳᠣᠨ ᠬᠦᠰᠡᠯ ᠵᠣᠷᠢᠭ ᠢᠶᠠᠨ ᠬᠥᠪᠴᠢᠯᠡᠵᠦ᠂ ᠠᠵᠢᠯ ᠦᠢᠯᠡᠰ ᠢ ᠪᠦᠲᠦᠭᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠢᠷᠡᠭᠡᠳᠦᠶ ᠶᠢ ᠬᠠᠮᠲᠤ ᠪᠠᠷ ᠠᠰᠢᠭ ᠭᠥᠷᠳᠡᠨ᠎ᠡ ᠭᠡᠵᠡᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3