ᠵᠤᠤ ᠬᠤᠢ ᠵᠢᠤᠢ ᠨᠠᠷ ᠬᠥᠬᠡᠬᠤᠲᠠ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/3/30
     3 ᠰᠠᠷ᠎ᠠ ᠶᠢᠨ 28᠎ ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ ᠨᠠᠷ ᠬᠥᠬᠡᠬᠤᠲᠠ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯ ᠥᠷᠨᠢᠭᠦᠯᠪᠡ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠥᠬᠡᠬᠤᠲᠠ ᠶᠢᠨ ᠵᠡᠭᠦᠨ ᠦᠷᠳᠡᠭᠡ᠂ ᠴᠠᠭᠠᠨ ᠰᠤᠪᠤᠷᠭ᠎ᠠ ᠶᠢᠨ ᠨᠢᠰᠬᠡᠯ ᠤᠨ ᠪᠠᠭᠤᠳᠠᠯ ᠳᠤ ᠬᠦᠷᠴᠦ ᠵᠠᠷ ᠮᠡᠳᠡᠭᠡ ᠲᠠᠷᠬᠠᠭᠠᠬᠤ ᠲᠦᠷᠦᠯ ᠵᠦᠢᠯ ᠤᠨ ᠤᠬᠠᠭᠤᠯᠭ᠎ᠠ ᠦᠵᠡᠭᠦᠯᠦᠯᠭᠡ ᠶᠢᠨ ᠪᠣᠳᠠᠲᠠᠢ ᠠᠭᠤᠯᠭ᠎ᠠ ᠪᠣᠯᠤᠨ ᠬᠡᠯᠪᠡᠷᠢ ᠵᠡᠷᠭᠡ ᠶᠢ ᠵᠣᠯᠭᠠᠭᠤᠯᠵᠠᠢ᠃ ᠳᠠᠷᠠᠭ᠎ᠠ ᠨᠢ ᠥᠪᠥᠷ ᠮᠣᠩᠭᠤᠯ ᠤᠨ ᠯᠢ ᠶᠤᠸᠠᠨ ᠭᠤᠸᠠᠨ ᠬᠠᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠨᠢᠭᠲᠠ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ ᠨᠠᠷᠢᠨ ᠨᠢᠭᠲᠠ ᠶᠠᠷᠢᠯᠴᠠᠨ ᠰᠣᠯᠢᠯᠴᠠᠵᠤ᠂ ᠠᠩᠬ᠎ᠠ ᠠᠯᠬᠤᠮ ᠤᠨ ᠰᠠᠨᠠᠯ ᠢᠶᠠᠨ ᠳᠤᠬᠢᠷᠠᠯᠴᠠᠵᠠᠢ᠃ ᠣᠳᠣᠬᠠᠨ ᠳᠤ᠂ ᠲᠣᠰ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠪᠠ ᠬᠠᠮᠢᠶ᠎ᠠ ᠪᠥᠬᠦᠶ ᠭᠠᠷᠳᠠᠮ ᠢ ᠭᠦᠢᠴᠡᠳᠭᠡᠬᠦ ᠪᠠᠷ ᠪᠡᠯᠡᠳᠬᠡᠵᠦ ᠪᠣᠶ᠂ ᠡᠨᠡ ᠵᠢᠯ ᠤᠨ 7 ᠰᠠᠷ᠎ᠠ ᠳᠤ ᠡᠬᠢᠯᠡᠨ ᠬᠡᠷᠡᠭᠵᠢᠭᠦᠯᠵᠦ᠂ ᠵᠢᠯ ᠤᠨ ᠡᠴᠦᠰ ᠲᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3