ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠪᠠ
ᠨᠡᠶᠢᠲᠡᠯᠡᠭᠰᠡᠨ ᠴᠠᠭ᠄
2023/3/30
     3 ᠰᠠᠷ᠎ᠠ ᠶᠢᠨ 27 ᠤ ᠡᠳᠦᠷ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠬᠠᠮᠲᠤ ᠪᠠᠷ ᠭᠠᠷ ᠤᠨ ᠥᠰᠥᠭ ᠵᠢᠷᠤᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠤᠨ ᠬᠠᠮᠲᠤᠷᠠᠯᠴᠠᠭᠠᠨ ᠤ ᠬᠠᠮᠢᠶ᠎ᠠ ᠪᠥᠬᠦᠶ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠳᠡᠭᠡᠳᠦ ᠰᠤᠷᠭᠠᠭᠤᠯᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ᠂ ᠰᠢᠩ ᠡᡁᠧ ᠰᠢᠶᠠᠨ ᠤ ᠡᠬᠢ ᠪᠠᠶᠠᠯᠢᠭ ᠡᠯᠪᠡᠭ᠂ ᠦᠵᠡᠮᠵᠢ ᠰᠠᠶᠢᠬᠠᠨ᠂ ᠰᠣᠶᠣᠯ ᠢᠷᠭᠡᠨᠰᠢᠯ ᠤᠨ ᠰᠠᠭᠤᠷᠢ ᠭᠦᠨ ᠵᠤᠵᠠᠭᠠᠨ ᠪᠠᠶᠢᠨ᠎ᠠ ᠭᠡᠵᠦ ᠢᠯᠡᠳᠬᠡᠪᠡ᠃ ᠰᠤᠷᠭᠠᠭᠤᠯᠢ ᠨᠢ ᠰᠢᠩ ᠡᡁᠧ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ᠂ ᠴᠢᠳᠠᠪᠤᠷᠢᠲᠠᠨ ᠤ ᠠᠵᠢᠯ ᠣᠯᠭᠤᠯᠲᠠ᠂ ᠵᠠᠬᠢᠶᠠᠯᠠᠭ᠎ᠠ ᠶᠢᠨ ᠪᠣᠯᠪᠠᠰᠤᠷᠠᠯ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠠᠯᠢ ᠲᠦᠷᠭᠡᠨ ᠢᠶᠠᠷ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠨ᠎ᠠ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠢ ᠵᠢᠤᠢ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠤᠨᠴᠠᠯᠢᠬᠳᠤ ᠰᠤᠷᠭᠠᠨ ᠬᠥᠮᠦᠵᠢᠯ᠂ ᠤᠷᠠᠯᠢᠭ ᠤᠨ ᠰᠢᠨ᠎ᠡ ᠡᠭᠦᠳᠦᠯᠲᠡ ᠵᠡᠷᠭᠡ ᠲᠠᠯ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠵᠣᠣ ᠬᠤᠶ ᠵᠢᠤᠢ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠳᠠᠪᠠᠭᠤᠯᠢᠭ ᠢ ᠰᠢᠩ ᠾᠧ ᠰᠢᠶᠠᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠲᠠᠢ ᠦᠨᠡᠨ ᠬᠦ ᠤᠶᠠᠯᠳᠤᠭᠤᠯᠵᠤ᠂ ᠰᠢᠩ ᠾᠧ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3