ᠭᠤᠷᠪᠠᠨ ᠦᠶ᠎ᠡ ᠶᠢᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠪᠣᠯᠭᠤᠮᠵᠢᠲᠠᠶ ᠭᠦᠢᠴᠡᠳᠬᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/3/31
ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ᠄      ᠬᠤᠶᠠᠳᠤᠭᠠᠷ ᠦᠶ᠎ᠡ ᠶᠢᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠠᠵᠢᠯᠯᠠᠭᠤᠯᠤᠭᠰᠠᠨ ᠠᠴᠠ ᠨᠠᠰᠢ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠶᠢ ᠰᠢᠭᠤᠳ ᠳ᠋ᠦᠩᠨᠡᠨ ᠪᠤᠳᠤᠬᠤ ᠬᠡᠷᠡᠭᠴᠡᠭᠡ ᠶᠢ ᠰᠢᠢᠳᠪᠦᠷᠢᠯᠡᠵᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠣᠶᠢᠷ᠎ᠠ ᠳᠤ᠂ ᠣᠨᠴᠠ ᠵᠠᠷᠢᠮ ᠳᠠᠭᠠᠳᠬᠠᠯ ᠳᠤ ᠣᠷᠣᠯᠴᠠᠭᠰᠠᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠴᠦ ᠭᠤᠷᠪᠠᠨ ᠦᠶ᠎ᠡ ᠶᠢᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠬᠢᠯᠭᠡᠭᠰᠡᠨ ᠤ ᠳᠠᠷᠠᠭ᠎ᠠ᠂ ᠮᠥᠩᠭᠦᠨ ᠭᠦᠢᠯᠭᠡᠭᠡᠨ ᠤ ᠴᠢᠳᠠᠮᠵᠢ ᠶᠢ ᠬᠡᠪ ᠢᠶᠠᠷ ᠬᠡᠷᠡᠭᠯᠡᠵᠦ ᠪᠣᠯᠤᠨ᠎ᠠ᠂ ᠭᠡᠪᠡᠴᠦ ᠡᠮ ᠡᠮᠨᠡᠯᠭᠡ ᠶᠢᠨ ᠳᠠᠭᠠᠳᠬᠠᠯ ᠤᠨ ᠴᠢᠳᠠᠮᠵᠢ ᠶᠢ ᠬᠡᠷᠡᠭᠯᠡᠵᠦ ᠪᠣᠯᠬᠤ ᠥᠬᠡᠶ ᠪᠣᠯᠬᠤᠷ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠠ ᠣᠨᠳᠣᠤ ᠭᠠᠵᠠᠷ ᠲᠤ ᠰᠢᠭᠤᠳ ᠲᠠᠩᠰᠠ ᠲᠠᠶᠢᠯᠬᠤ ᠶᠢ ᠨᠥᠯᠥᠭᠡᠯᠡᠵᠦ ᠪᠠᠶᠢᠨ᠎ᠠ᠂ ᠡᠶᠢᠮᠦ ᠠᠴᠠ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠬᠥᠮᠦᠰ ᠭᠤᠷᠪᠠᠨ ᠦᠶ᠎ᠡ ᠶᠢᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠪᠣᠯᠭᠤᠮᠵᠢᠲᠠᠶ ᠭᠦᠢᠴᠡᠳᠭᠡᠬᠦ ᠶᠢ ᠰᠠᠨᠠᠭᠤᠯᠵᠤ ᠪᠠᠶᠢᠨ᠎ᠠ᠃                                ᠰᠢᠩ ᠾᠧ ᠰᠢᠶᠠᠨ ᠤ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ                                        2023᠎ ᠤ 3 ᠰᠠᠷ᠎ᠠ ᠶᠢᠨ 31᠎ ᠤ ᠡᠳᠦᠷ                                 ᠢᠷᠡᠯᠲᠡ᠄ ᠰᠢᠩ ᠾᠧ ᠪᠠᠭ᠎ᠠ ᠠᠮᠢᠳᠤᠷᠠᠯ                                 ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3