ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ᠄ | ᠬᠤᠶᠠᠳᠤᠭᠠᠷ ᠦᠶ᠎ᠡ ᠶᠢᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠠᠵᠢᠯᠯᠠᠭᠤᠯᠤᠭᠰᠠᠨ ᠠᠴᠠ ᠨᠠᠰᠢ᠂ | ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠶᠢ ᠰᠢᠭᠤᠳ | ᠳ᠋ᠦᠩᠨᠡᠨ ᠪᠤᠳᠤᠬᠤ ᠬᠡᠷᠡᠭᠴᠡᠭᠡ ᠶᠢ ᠰᠢᠢᠳᠪᠦᠷᠢᠯᠡᠵᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠣᠶᠢᠷ᠎ᠠ ᠳᠤ᠂ ᠣᠨᠴᠠ ᠵᠠᠷᠢᠮ | ᠳᠠᠭᠠᠳᠬᠠᠯ ᠳᠤ ᠣᠷᠣᠯᠴᠠᠭᠰᠠᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠴᠦ ᠭᠤᠷᠪᠠᠨ ᠦᠶ᠎ᠡ ᠶᠢᠨ ᠡᠮ | ᠡᠮᠨᠡᠯᠭᠡ ᠶᠢᠨ ᠳᠠᠭᠠᠳᠬᠠᠯ ᠤᠨ ᠺᠠᠷᠲ ᠬᠢᠯᠭᠡᠭᠰᠡᠨ ᠤ ᠳᠠᠷᠠᠭ᠎ᠠ᠂ ᠮᠥᠩᠭᠦᠨ ᠭᠦᠢᠯᠭᠡᠭᠡᠨ ᠤ ᠴᠢᠳᠠᠮᠵᠢ ᠶᠢ ᠬᠡᠪ ᠢᠶᠠᠷ | ᠬᠡᠷᠡᠭᠯᠡᠵᠦ ᠪᠣᠯᠤᠨ᠎ᠠ᠂ ᠭᠡᠪᠡᠴᠦ ᠡᠮ ᠡᠮᠨᠡᠯᠭᠡ ᠶᠢᠨ ᠳᠠᠭᠠᠳᠬᠠᠯ ᠤᠨ ᠴᠢᠳᠠᠮᠵᠢ ᠶᠢ ᠬᠡᠷᠡᠭᠯᠡᠵᠦ ᠪᠣᠯᠬᠤ ᠥᠬᠡᠶ ᠪᠣᠯᠬᠤᠷ | ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠠ ᠣᠨᠳᠣᠤ | ᠭᠠᠵᠠᠷ ᠲᠤ ᠰᠢᠭᠤᠳ ᠲᠠᠩᠰᠠ ᠲᠠᠶᠢᠯᠬᠤ ᠶᠢ ᠨᠥᠯᠥᠭᠡᠯᠡᠵᠦ ᠪᠠᠶᠢᠨ᠎ᠠ᠂ ᠡᠶᠢᠮᠦ ᠠᠴᠠ ᠥᠷᠭᠡᠨ ᠣᠯᠠᠨ ᠳᠠᠭᠠᠳᠬᠠᠯ ᠳᠤ | ᠣᠷᠣᠯᠴᠠᠭᠰᠠᠨ ᠬᠥᠮᠦᠰ ᠭᠤᠷᠪᠠᠨ ᠦᠶ᠎ᠡ ᠶᠢᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠪᠣᠯᠭᠤᠮᠵᠢᠲᠠᠶ | ᠭᠦᠢᠴᠡᠳᠭᠡᠬᠦ ᠶᠢ ᠰᠠᠨᠠᠭᠤᠯᠵᠤ ᠪᠠᠶᠢᠨ᠎ᠠ᠃ | | ᠰᠢᠩ ᠾᠧ ᠰᠢᠶᠠᠨ ᠤ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | 2023 ᠤ 3 ᠰᠠᠷ᠎ᠠ ᠶᠢᠨ 31 ᠤ ᠡᠳᠦᠷ | | ᠢᠷᠡᠯᠲᠡ᠄ ᠰᠢᠩ ᠾᠧ ᠪᠠᠭ᠎ᠠ ᠠᠮᠢᠳᠤᠷᠠᠯ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |