ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ︽ᠤᠯᠠᠭᠠᠨᠴᠠᠪ ᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/31
     3 ᠰᠠᠷ᠎ᠠ ᠶᠢᠨ 30 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠭᠡᠰᠢᠭᠦᠨ᠂ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠬᠢᠨ ᠮᠠᠨ ᠤ ᠰᠢᠶᠠᠨ ᠳᠤ ᠭᠦᠨᠵᠡᠭᠡᠶᠢᠷᠡᠨ ︽ᠤᠯᠠᠭᠠᠨᠴᠠᠪ ᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠬᠤᠩ ᠯᠢᠶᠠᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠴᠢᠩ ᠱᠠᠨ ᠤ ᠣᠷᠣᠰᠢᠭᠤᠯᠭ᠎ᠠ ᠶᠢᠨ ᠭᠠᠵᠠᠷ᠂ ᠰᠢᠩ ᠾᠧ ᠰᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠪᠤᠩᠬᠤᠨ᠂ ᠨᠠᠨ ᠨᠤᠤ ᠪᠦᠦ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠬᠠᠲᠠᠭᠤᠷᠠᠭᠤᠯᠤᠭᠰᠠᠨ ᠪᠤᠯᠠᠰᠢ ᠶᠢ ᠵᠠᠰᠠᠬᠤ ᠲᠤᠬᠠᠶ ᠶᠢᠨ ᠲᠠᠯᠠᠪᠤᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠣᠷᠣᠰᠢᠭᠤᠯᠭ᠎ᠠ ᠶᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ᠂ ︽ᠭᠤᠷᠪᠠᠨ ᠳᠠᠭᠠᠤ ᠲᠤᠯᠤᠭᠠᠨ ᠣᠷᠣᠨ︾ ᠤ ᠣᠲᠣ ᠪᠠᠶᠢᠭ᠎ᠠ ᠪᠤᠯᠠᠰᠢ ᠶᠢ ᠵᠠᠰᠠᠭᠰᠠᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠵᠠᠰᠠᠬᠤ ᠰᠡᠳᠬᠢᠴᠡ᠂ ᠲᠥᠯᠥᠪᠯᠡᠭᠡ ᠪᠠ ᠰᠢᠶᠠᠩ ᠪᠠᠯᠭᠠᠰᠤᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠳᠥᠯᠭᠢᠨ ᠠᠬᠢᠭᠤᠯᠤᠭᠰᠠᠨ ᠵᠡᠷᠭᠡ ᠬᠤᠯᠪᠣᠭᠳᠠᠯ ᠪᠥᠬᠦᠶ ᠪᠠᠶᠢᠳᠠᠯ ᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ ︽ᠲᠦᠷᠢᠮ ︵ᠲᠥᠰᠦᠯ︶︾ ᠢ ᠲᠣᠭᠲᠠᠭᠠᠭᠰᠠᠨ ᠪᠠᠶᠢᠳᠠᠯ ᠤᠨ ᠲᠤᠬᠠᠶ ᠲᠠᠨᠢᠯᠴᠠᠭᠤᠯᠵᠤ᠂ ᠢᠦᠢ ᠬᠤᠩ ᠯᠢᠶᠠᠩ ᠮᠠᠨ ᠤ ᠰᠢᠶᠠᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠵᠢᠴᠢ ᠬᠤᠷᠠᠯ ᠳᠤ ᠣᠷᠣᠯᠴᠠᠭᠰᠠᠨ ᠬᠥᠮᠦᠰ ᠲᠤᠰ ᠲᠤᠰ ᠥᠪᠡᠷ ᠤᠨ ᠠᠵᠢᠯ ᠲᠠᠢ ᠪᠠᠨ ᠤᠶᠠᠯᠳᠤᠭᠤᠯᠤᠨ ︽ᠲᠦᠷᠢᠮ ︵ᠲᠥᠰᠦᠯ︶︾ ᠢ ᠶᠠᠷᠢᠯᠴᠠᠭᠰᠠᠨ ᠪᠥᠭᠡᠳ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃       ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠣᠷᠣᠰᠢᠭᠤᠯᠭ᠎ᠠ ᠶᠢᠨ ᠬᠠᠮᠢᠶᠠᠷᠤᠯᠲᠠ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠨᠢᠭᠡᠪᠦᠷᠢ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ ᠪᠣᠯᠬᠤᠷ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠣᠷᠣᠰᠢᠭᠤᠯᠭ᠎ᠠ ᠶᠢᠨ ᠤᠯᠠᠮᠵᠢᠯᠠᠯᠲᠤ ᠮᠠᠭᠤ ᠳᠠᠳᠬᠠᠯ ᠢ ᠬᠦᠴᠦᠯᠡᠨ ᠠᠷᠢᠯᠭᠠᠵᠤ᠂ ᠵᠢᠷᠤᠮᠯᠠᠬᠤ ᠳᠦᠷᠢᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠣᠷᠣᠰᠢᠭᠤᠯᠭ᠎ᠠ ᠶᠢᠨ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠦᠢ ᠵᠣᠬᠢᠰᠲᠠᠶ ᠪᠠᠷ ᠪᠠᠶᠢᠷᠢᠰᠢᠭᠤᠯᠵᠤ᠂ ᠵᠢᠷᠤᠮᠵᠢᠭᠤᠯᠤᠨ ᠬᠠᠮᠢᠶᠠᠷᠴᠤ᠂ ᠠᠮᠢ ᠠᠬᠤᠶ ᠶᠢ ᠬᠠᠮᠠᠭᠠᠯᠠᠵᠤ᠂ ᠦᠵᠡᠮᠵᠢ ᠶᠢ ᠬᠠᠮᠠᠭᠠᠯᠠᠬᠤ ᠬᠡᠷᠡᠭᠲᠡᠶ︔ ᠠᠷᠠᠳ ᠲᠤ ᠠᠰᠢᠭ ᠬᠦᠷᠲᠡᠭᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3