ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠨᠢ ᠨᠢᠭᠡ ᠵᠦᠢᠯ ᠤᠨ 50 ᠨᠠᠰᠤᠨ ᠠᠴᠠ ᠳᠡᠭᠡᠭᠰᠢᠬᠢ ᠢᠳᠡᠷ | ᠦᠲᠡᠯ᠎ᠡ ᠨᠠᠰᠤᠨ ᠤ ᠬᠥᠮᠦᠰ ᠲᠤ ᠣᠯᠠᠨ ᠡᠭᠦᠰᠳᠡᠭ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠪᠣᠯᠤᠭᠰᠠᠨ ᠤ | ᠬᠤᠪᠢ ᠳᠤ᠂ ᠢᠳᠡᠷ ᠦᠲᠡᠯ᠎ᠡ ᠨᠠᠰᠤᠨ ᠤ ᠬᠥᠮᠦᠰ ᠤᠨ ᠡᠷᠡᠭᠦᠯ ᠮᠡᠨᠳᠦ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ | ᠨᠥᠯᠥᠭᠡᠯᠡᠳᠡᠭ᠃ 50 ᠨᠠᠰᠤᠨ ᠠᠴᠠ ᠳᠡᠭᠡᠭᠰᠢᠬᠢ ᠬᠥᠮᠦᠰ ᠪᠠ ᠤᠳᠠᠭᠠᠨ ᠴᠢᠨᠠᠷᠲᠠᠶ ᠡᠪᠡᠳᠴᠢᠨ ᠳᠤ | ᠨᠡᠷᠪᠡᠭᠳᠡᠭᠰᠡᠳ ᠤᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ ᠢᠯᠡᠳᠲᠡ ᠨᠡᠮᠡᠭᠳᠡᠵᠦ᠂ | ᠥᠳᠥᠭᠡᠬᠦ ᠰᠢᠯᠲᠠᠭᠠᠨ ᠢ ᠠᠩᠬᠠᠷᠴᠤ᠂ ᠰᠠᠭᠤᠷᠢ ᠡᠪᠡᠳᠴᠢᠨ ᠡᠮᠭᠡᠭ ᠢ ᠬᠠᠮᠢᠶᠠᠷᠤᠨ᠂ ᠢᠳᠡᠪᠬᠢᠲᠡᠶ ᠪᠠᠷ ᠠᠵᠢᠯᠯᠠᠭ᠎ᠠ | ᠠᠪᠴᠤ ᠰᠡᠷᠭᠡᠶᠢᠯᠡᠬᠦ ᠪᠣᠯ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠠᠴᠠ ᠬᠤᠯᠠᠳᠠᠬᠤ ᠮᠡᠷᠭᠡᠨ ᠠᠷᠭ᠎ᠠ ᠬᠡᠮᠵᠢᠶ᠎ᠡ | ᠮᠥᠨ᠃ | 01 | ᠨᠢᠭᠡ ᠵᠦᠢᠯ ᠤᠨ ᠸᠢᠷᠦ᠋ᠰ ᠬᠤᠶᠠᠷ ᠵᠦᠢᠯ ᠤᠨ ᠡᠪᠡᠳᠴᠢᠨ ᠢ ︽ᠲᠠᠲᠠᠵᠤ︾ ᠪᠠᠶᠢᠨ᠎ᠠ᠃ | ᠪᠦᠰᠡᠯᠡᠭᠦᠷ ᠤᠨ ᠴᠥᠪᠥᠷᠢᠭᠦᠲᠦ ᠡᠰᠡᠷᠭᠡᠨ᠎ᠡ ᠶᠢ ᠣᠯᠠᠩᠬᠢ ᠬᠥᠮᠦᠰ ᠪᠦᠷ ᠲᠠᠨᠢᠬᠤ ᠦᠭᠡᠢ ᠪᠠᠶᠢᠳᠠᠭ᠂ | ᠢᠯᠠᠩᠭᠤᠶ᠎ᠠ ᠨᠠᠰᠤ ᠠᠬᠢᠭᠰᠠᠨ ᠬᠥᠮᠦᠰ ᠰᠣᠨᠣᠰᠴᠤ ᠥᠩᠭᠡᠷᠡᠭᠰᠡᠨ ᠢᠶᠠᠷ ᠪᠠᠷᠠᠬᠤ ᠦᠭᠡᠢ ᠪᠠᠰᠠ ᠲᠡᠭᠦᠨ ᠳᠤ | ᠲᠠᠷᠴᠢᠯᠠᠭᠠᠭᠳᠠᠵᠤ ᠦᠬᠦᠬᠦ ᠶᠢᠨ ᠠᠷᠭ᠎ᠠ ᠦᠭᠡᠢ ᠪᠣᠯᠤᠭᠰᠠᠨ ᠪᠠᠶᠢᠵᠤ ᠮᠡᠳᠡᠨ᠎ᠡ᠃ ᠡᠨᠡ ᠦᠶ᠎ᠡ ᠳᠤ ᠮᠠᠰᠢ ᠣᠯᠠᠨ | ᠬᠥᠮᠦᠨ ᠪᠦᠷ ᠲᠠᠨᠢᠬᠤ ᠦᠭᠡᠢ ᠪᠠᠶᠢᠳᠠᠭ᠂ ᠢᠯᠠᠩᠭᠤᠶ᠎ᠠ ᠨᠠᠰᠤ ᠠᠬᠢᠭᠰᠠᠨ ᠬᠥᠮᠦᠰ ᠰᠣᠨᠣᠰᠴᠤ ᠥᠩᠭᠡᠷᠡᠭᠰᠡᠨ ᠢᠶᠠᠷ | ᠪᠠᠷᠠᠬᠤ ᠦᠭᠡᠢ ᠪᠠᠰᠠ ᠲᠡᠭᠦᠨ ᠳᠤ ᠲᠠᠷᠴᠢᠯᠠᠭᠠᠭᠳᠠᠵᠤ ᠦᠬᠦᠬᠦ ᠶᠢᠨ ᠠᠷᠭ᠎ᠠ ᠦᠭᠡᠢ ᠪᠣᠯᠤᠭᠰᠠᠨ ᠪᠠᠶᠢᠵᠤ ᠮᠡᠳᠡᠨ᠎ᠡ᠃ | ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢ ᠶᠡᠷᠦ ᠳᠡᠭᠡᠨ ︽ᠪᠦᠰᠡᠯᠡᠭᠦᠷᠲᠦ ᠭᠠᠯ ᠦᠷᠢᠯ︾ ︽ᠪᠦᠰᠡᠯᠡᠭᠦᠷᠲᠦ | ᠭᠦᠷᠪᠡᠯ︾ ︽ᠪᠦᠰᠡᠯᠡᠭᠦᠷᠲᠦ ᠭᠦᠷᠪᠡᠯ︾ ᠭᠡᠳᠡᠭ᠂ ᠰᠡᠷᠬᠡᠨᠦᠳ — ᠪᠦᠰᠡᠯᠡᠭᠦᠷᠲᠦ ᠴᠥᠪᠥᠷᠢᠭᠦᠲᠦ | ᠡᠰᠡᠷᠭᠡᠨ᠎ᠡ ᠶᠢᠨ ᠸᠢᠷᠦ᠋ᠰ ︵VZV︶ ᠤᠨ ᠪᠡᠶ᠎ᠡ ᠶᠢᠨ ᠳᠣᠲᠣᠭᠠᠳᠤ ᠳᠤ ᠳᠠᠬᠢᠨ ᠠᠮᠢᠯᠠᠭᠤᠯᠤᠭᠰᠠᠨ ᠠᠴᠠ ᠪᠣᠯᠤᠭᠰᠠᠨ | ᠬᠠᠯᠳᠠᠪᠤᠷᠢᠯᠠᠯ ᠤᠨ ᠴᠢᠨᠠᠷᠲᠠᠶ ᠠᠷᠠᠰᠤᠨ ᠤ ᠡᠪᠡᠳᠴᠢᠨ᠃ | ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠨᠢ ᠬᠥᠮᠦᠰ ᠲᠤ ᠰᠡᠷᠬᠡᠨᠦᠳ | ᠣᠯᠭᠤᠬᠤ ᠪᠠᠷ ᠪᠠᠷᠠᠬᠤ ᠦᠭᠡᠢ ᠪᠠᠰᠠ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠣᠯᠭᠤᠳᠠᠭ᠃ ᠬᠤᠶᠠᠷ ᠵᠦᠢᠯ ᠤᠨ | ᠡᠪᠡᠳᠴᠢᠨ ᠪᠣᠯ ᠦᠨᠡᠨ ᠳᠡᠭᠡᠨ ᠠᠳᠠᠯᠢ ᠨᠢᠭᠡ ᠵᠦᠢᠯ ᠤᠨ ᠸᠢᠷᠦ᠋ᠰ ᠠᠴᠠ ᠡᠭᠦᠰᠦᠭᠰᠡᠨ ᠶᠤᠮ᠃ ᠬᠥᠮᠦᠰ ᠰᠡᠷᠬᠡᠨᠦᠳ | - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠲᠤ ᠨᠡᠶᠢᠳᠡᠮ ᠳᠡᠭᠡᠨ ᠠᠮᠠᠷᠬᠠᠨ ᠬᠠᠯᠳᠠᠪᠤᠷᠢᠯᠠᠳᠠᠭ᠂ | ᠸᠢᠷᠦ᠋ᠰ ᠨᠢ ᠬᠥᠭᠡᠰᠦ ᠪᠠ ᠬᠦᠷᠦᠯᠴᠡᠯ ᠢᠶᠠᠷ ᠳᠠᠮᠵᠢᠨ ᠲᠠᠷᠬᠠᠵᠤ᠂ ᠠᠮᠢᠰᠬᠤᠯ ᠤᠨ ᠵᠠᠮ ᠤᠨ ᠰᠠᠯᠢᠰᠤᠲᠤ | ᠪᠦᠷᠬᠦᠪᠴᠢ ᠪᠠᠷ ᠬᠥᠮᠦᠨ ᠤ ᠪᠡᠶ᠎ᠡ ᠳᠤ ᠣᠷᠣᠳᠠᠭ᠃ | ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠤᠨ ᠨᠢᠭᠡᠳᠦᠭᠡᠷ ᠤᠳᠠᠭᠠᠨ ᠤ | ᠬᠠᠯᠳᠠᠪᠤᠷᠢᠯᠠᠯ ᠨᠢ ᠶᠡᠷᠦ ᠳᠡᠭᠡᠨ ᠬᠡᠦᠬᠡᠳ ᠤᠨ ᠦᠶ᠎ᠡ ᠳᠤ ᠡᠭᠦᠰᠴᠦ᠂ ᠰᠡᠷᠬᠡᠨᠦᠳ ᠡᠭᠦᠰᠭᠡᠳᠡᠭ᠃ ᠰᠡᠷᠬᠡᠨᠦᠳ | ᠡᠳᠡᠭᠡᠷᠡᠭᠰᠡᠨ ᠤ ᠳᠠᠷᠠᠭ᠎ᠠ᠂ ᠸᠢᠷᠦ᠋ᠰ ᠨᠢ ᠠᠷᠢᠯᠤᠭᠰᠠᠨ ᠦᠭᠡᠢ᠂ ᠬᠠᠷᠢᠨ ᠬᠥᠮᠦᠨ ᠤ ᠪᠡᠶ᠎ᠡ ᠶᠢᠨ ᠮᠡᠳᠡᠷᠡᠯ ᠤᠨ | ᠵᠠᠩᠭᠢᠯᠠᠭ᠎ᠠ ᠳᠣᠲᠣᠷ᠎ᠠ ᠤᠷᠲᠤ ᠬᠤᠭᠤᠴᠠᠭ᠎ᠠ ᠪᠠᠷ ᠨᠢᠭᠤᠭᠳᠠᠳᠠᠭ᠃ ᠬᠡᠯᠡᠯᠭᠡᠨ ᠦᠭᠡᠢ᠂ ᠵᠠᠷᠢᠮ ᠬᠥᠮᠦᠨ | ᠬᠠᠯᠳᠠᠪᠤᠷᠢᠯᠠᠭᠰᠠᠨ ᠤ ᠳᠠᠷᠠᠭ᠎ᠠ ᠰᠡᠷᠬᠡᠨᠦᠳ ᠭᠠᠷᠬᠤ ᠦᠭᠡᠢ᠂ ᠵᠥᠪᠬᠡᠨ ᠨᠢᠭᠤᠭᠳᠠᠮᠠᠯ ᠴᠢᠨᠠᠷᠲᠠᠶ ᠬᠠᠯᠳᠠᠪᠤᠷᠢᠯᠠᠯ ᠲᠠᠢ | ᠪᠠᠶᠢᠵᠤ᠂ ᠴᠢᠨᠠᠭᠰᠢᠯᠠᠪᠠᠯ ᠪᠡᠶ᠎ᠡ ᠶᠢᠨ ᠳᠣᠲᠣᠷ᠎ᠠ ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ | ᠸᠢᠷᠦ᠋ᠰ ᠲᠠᠢ ᠪᠣᠯᠤᠭᠰᠠᠨ ᠢ ᠤᠭᠲᠤ ᠮᠡᠳᠡᠬᠦ ᠦᠭᠡᠢ ᠪᠠᠶᠢᠳᠠᠭ᠃ | 02 | ᠭᠤᠷᠪᠠᠨ ᠲᠥᠷᠥᠯ ᠤᠨ ᠬᠥᠮᠦᠰ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠵᠠᠪᠰᠢᠶᠠᠨ ᠢ ᠳᠠᠯᠢᠮᠳᠠᠭᠤᠯᠤᠨ | ᠬᠥᠳᠡᠯᠬᠦ ᠶᠢ ᠰᠡᠷᠡᠮᠵᠢᠯᠡᠬᠦ ᠬᠡᠷᠡᠭᠲᠡᠶ | ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠤᠷᠲᠤ ᠬᠤᠭᠤᠴᠠᠭ᠎ᠠ ᠪᠠᠷ | ᠨᠤᠭᠤᠰᠤᠨ ᠤ ᠠᠷᠤ ᠤᠭ ᠤᠨ ᠮᠡᠳᠡᠷᠡᠯ ᠤᠨ ᠵᠠᠩᠭᠢᠯᠠᠭ᠎ᠠ ᠪᠤᠶᠤ ᠭᠠᠪᠠᠯᠠ ᠶᠢᠨ ᠮᠡᠳᠡᠷᠡᠯ ᠤᠨ ᠵᠠᠩᠭᠢᠯᠠᠭ᠎ᠠ ᠶᠢᠨ | ᠳᠣᠲᠣᠷ᠎ᠠ ᠨᠢᠭᠤᠭᠳᠠᠵᠤ᠂ ᠳᠠᠬᠢᠨ ᠢᠳᠡᠪᠬᠢᠵᠢᠭᠦᠯᠦᠭᠰᠡᠨ ᠤ ᠳᠠᠷᠠᠭ᠎ᠠ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢ | ᠡᠭᠦᠰᠭᠡᠨ᠎ᠡ᠃ 90% ᠠᠴᠠ ᠳᠡᠭᠡᠭᠰᠢᠬᠢ ᠨᠠᠰᠤᠨ ᠳᠤ ᠬᠦᠷᠦᠭᠰᠡᠳ ᠤᠨ ᠪᠡᠶ᠎ᠡ ᠳᠤ ᠰᠡᠷᠬᠡᠨᠦᠳ - ᠪᠦᠰᠡᠯᠡᠭᠦᠷᠲᠦ | ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠨᠢᠭᠤᠭᠳᠠᠵᠤ ᠪᠠᠶᠢᠳᠠᠭ᠃ ᠨᠠᠰᠤᠨ ᠤ ᠨᠡᠮᠡᠭᠳᠡᠬᠦ ᠶᠢ ᠳᠠᠭᠠᠯᠳᠤᠨ᠂ | ᠡᠭᠡᠯᠢᠯᠡᠭᠡ ᠶᠢᠨ ᠰᠢᠰᠲ᠋ᠧᠮ ᠤᠨ ᠴᠢᠳᠠᠪᠤᠷᠢ ᠳᠣᠷᠣᠭᠰᠢᠯᠠᠵᠤ᠂ ᠬᠥᠮᠦᠨ ᠤ ᠪᠡᠶ᠎ᠡ ᠶᠢᠨ ᠰᠡᠷᠬᠡᠨᠦᠳ - ᠪᠦᠰᠡᠯᠢᠭ | ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠲᠤ ᠴᠢᠭᠯᠡᠭᠦᠯᠦᠭᠰᠡᠨ ᠣᠨᠴᠠᠭᠠᠶ ᠴᠢᠨᠠᠷᠲᠠᠶ ᠡᠰ ᠤᠨ ᠡᠭᠡᠯᠢᠯᠡᠭᠡ ᠶᠢᠨ | ᠴᠢᠳᠠᠪᠤᠷᠢ ᠴᠤ ᠳᠠᠭᠠᠯᠳᠤᠨ ᠳᠣᠷᠣᠭᠰᠢᠯᠠᠵᠤ᠂ ᠪᠦᠰᠡᠯᠢᠭ ᠴᠥᠪᠥᠷᠢᠭᠦᠲᠦ ᠡᠰᠡᠷᠭᠡᠨ᠎ᠡ ᠶᠢᠨ ᠡᠪᠡᠳᠴᠢᠯᠡᠬᠦ ᠨᠤᠷᠮ᠎ᠠ | ᠳᠡᠭᠡᠭᠰᠢᠯᠡᠬᠦ ᠬᠠᠨᠳᠤᠰᠢ ᠲᠠᠢ ᠪᠣᠯᠳᠠᠭ᠃ ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ 50 ᠨᠠᠰᠤᠨ ᠠᠴᠠ | ᠳᠡᠭᠡᠭᠰᠢᠬᠢ ᠬᠥᠮᠦᠰ ᠲᠤ ᠵᠢᠯ ᠪᠦᠷᠢ ᠪᠠᠷᠤᠭ 156 ᠲᠦᠮᠡᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠰᠢᠨ᠎ᠡ ᠪᠠᠷ | ᠭᠠᠷᠴᠤ ᠪᠠᠶᠢᠨ᠎ᠠ᠃ | 50 ᠨᠠᠰᠤᠨ ᠠᠴᠠ ᠳᠡᠭᠡᠭᠰᠢᠬᠢ ᠬᠥᠮᠦᠰ ᠤᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠨᠢ ᠮᠠᠨ ᠠᠴᠠ | ᠮᠠᠰᠢ ᠣᠶᠢᠷ᠎ᠠ᠂ ᠶᠠᠮᠠᠷ ᠴᠤ ᠨᠠᠰᠤᠨ ᠳᠤ ᠪᠦᠷ ᠡᠭᠦᠰᠬᠦ ᠪᠣᠯᠤᠯᠴᠠᠭ᠎ᠠ ᠲᠠᠢ᠂ 50 ᠨᠠᠰᠤᠨ ᠠᠴᠠ ᠳᠡᠭᠡᠭᠰᠢᠬᠢ ᠬᠥᠮᠦᠰ | ᠪᠣᠯ ᠠᠮᠠᠷᠬᠠᠨ ᠡᠭᠦᠰᠳᠡᠭ ᠬᠥᠮᠦᠰ ᠪᠣᠯᠤᠨ᠎ᠠ᠃ ᠪᠡᠶ᠎ᠡ ᠮᠠᠬᠠᠪᠣᠳ ᠨᠢ ᠡᠷᠡᠭᠦᠯ ᠴᠢᠭᠢᠷᠠᠭ ᠪᠠᠶᠢᠯ᠎ᠠ ᠴᠤ ᠭᠡᠰᠡᠨ᠂ 50 | ᠨᠠᠰᠤᠨ ᠠᠴᠠ ᠳᠡᠭᠡᠭᠰᠢᠬᠢ ᠢᠳᠡᠷ ᠦᠲᠡᠯ᠎ᠡ ᠨᠠᠰᠤᠨ ᠤ ᠬᠥᠮᠦᠰ ᠤᠨ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠤᠯᠬᠤ | ᠲᠦᠭᠰᠢᠭᠦᠷᠢ ᠨᠢ ᠪᠠᠰᠠ ᠭᠡᠨᠡᠳᠲᠡ ᠪᠠᠷ ᠨᠡᠮᠡᠭᠳᠡᠳᠡᠭ᠂ ᠢᠯᠠᠩᠭᠤᠶ᠎ᠠ ᠰᠠᠭᠤᠷᠢ ᠤᠳᠠᠭᠠᠨ ᠴᠢᠨᠠᠷᠲᠠᠶ ᠡᠪᠡᠳᠴᠢᠨ ᠲᠠᠢ | ᠢᠳᠡᠷ ᠦᠲᠡᠯ᠎ᠡ ᠨᠠᠰᠤᠨ ᠤ ᠬᠥᠮᠦᠰ ᠨᠡᠩ ᠠᠮᠠᠷᠬᠠᠨ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠣᠯᠳᠠᠭ᠃ | ᠣᠶᠢᠷ᠎ᠠ ᠶᠢᠨ ᠬᠤᠭᠤᠴᠠᠭᠠᠨ ᠳᠤ᠂ ᠠᠵᠢᠯ ᠤᠨ ᠠᠶᠢᠵᠠᠮ ᠰᠡᠷᠭᠦᠬᠦ᠂ ᠭᠠᠳᠠᠭᠰᠢ ᠭᠠᠷᠴᠤ ᠵᠢᠭᠤᠯᠴᠢᠯᠠᠬᠤ ᠶᠠᠪᠤᠳᠠᠯ | ᠨᠡᠮᠡᠭᠳᠡᠬᠦ ᠵᠡᠷᠭᠡ ᠪᠠᠶᠢᠳᠠᠯ ᠢ ᠳᠠᠭᠠᠯᠳᠤᠨ᠂ ᠢᠳᠡᠷ ᠥᠲᠡᠯᠦᠭᠡ ᠨᠠᠰᠤᠨ ᠤ ᠬᠥᠮᠦᠰ ᠤᠨ ᠶᠠᠳᠠᠷᠠᠵᠤ ᠵᠦᠳᠡᠷᠡᠭᠰᠡᠨ ᠠᠴᠠ | ᠪᠣᠯᠵᠣ ᠡᠭᠡᠯᠢᠯᠡᠭᠡ ᠶᠢᠨ ᠴᠢᠳᠠᠪᠤᠷᠢ ᠪᠠᠭᠤᠷᠠᠵᠤ᠂ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠨᠡᠷᠪᠡᠭᠳᠡᠬᠦ ᠲᠦᠭᠰᠢᠭᠦᠷᠢ | ᠢᠯᠡᠳᠲᠡ ᠨᠡᠮᠡᠭᠳᠡᠵᠦ ᠪᠠᠶᠢᠨ᠎ᠠ᠃ | ᠡᠭᠡᠯᠢᠯᠡᠭᠡ ᠶᠢᠨ ᠭᠡᠮᠲᠦᠯ ᠳᠤ ᠤᠴᠠᠷᠠᠭᠰᠠᠨ ᠬᠥᠮᠦᠰ ᠤᠨ ᠡᠭᠡᠯᠢᠯᠡᠭᠡ ᠶᠢᠨ ᠬᠤᠷᠢᠭᠯᠠᠯ ᠪᠤᠶᠤ | ᠡᠭᠡᠯᠢᠯᠡᠭᠡ ᠶᠢᠨ ᠴᠢᠳᠠᠪᠤᠷᠢ ᠳᠣᠣᠷ᠎ᠠ ᠬᠥᠮᠦᠰ᠂ ᠵᠢᠱᠢᠶᠡᠯᠡᠪᠡᠯ ᠬᠠᠪᠤᠳᠠᠷᠲᠤ ᠡᠪᠡᠳᠴᠢᠲᠡᠨ᠂ HIV | ᠬᠠᠯᠳᠠᠪᠤᠷᠢᠯᠠᠭᠰᠠᠳ᠂ ᠥᠪᠡᠷ ᠤᠨ ᠪᠡᠶ᠎ᠡ ᠶᠢᠨ ᠡᠭᠡᠯᠢᠯᠡᠭᠡ ᠶᠢᠨ ᠴᠢᠨᠠᠷᠲᠠᠶ ᠡᠪᠡᠳᠴᠢᠲᠡᠨ ᠵᠢᠴᠢ ᠤᠷᠲᠤ | ᠬᠤᠭᠤᠴᠠᠭ᠎ᠠ ᠪᠠᠷ ᠬᠥᠷᠥᠰᠦᠯᠢᠭ ᠡᠳ᠋ ᠤᠨ ᠰᠢᠬᠢᠷᠲᠦ ᠬᠤᠷᠮᠣᠨ᠂ ᠡᠭᠡᠯᠢᠯᠡᠭᠡ ᠶᠢ ᠬᠤᠷᠢᠭᠯᠠᠬᠤ ᠡᠮ ᠪᠠ ᠰᠠᠴᠤᠷᠠᠭ | ᠵᠠᠰᠠᠯ ᠢ ᠬᠦᠯᠢᠶᠡᠨ ᠠᠪᠤᠭᠰᠠᠨ ᠡᠪᠡᠳᠴᠢᠲᠡᠨ ᠴᠦ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠶᠢᠨ ᠵᠠᠪᠰᠢᠶᠠᠨ ᠢ | ᠳᠠᠯᠢᠮᠳᠠᠭᠤᠯᠤᠨ ᠬᠥᠳᠡᠯᠬᠦ ᠶᠢ ᠰᠡᠷᠡᠮᠵᠢᠯᠡᠵᠦ᠂ ᠡᠪᠡᠳᠴᠢᠨ ᠳᠡᠭᠡᠷ᠎ᠡ ᠡᠪᠡᠳᠴᠢᠨ ᠨᠡᠮᠡᠬᠦ ᠠᠴᠠ ᠵᠠᠶᠢᠯᠠᠰᠬᠢᠵᠦ᠂ | ᠡᠮᠴᠢᠯᠡᠭᠡ ᠶᠢ ᠨᠡᠩ ᠪᠤᠳᠤᠯᠢᠶᠠᠨᠲᠠᠶ ᠪᠣᠯᠭᠠᠬᠤ ᠬᠡᠷᠡᠭᠲᠡᠶ᠃ | ᠤᠳᠠᠭᠠᠨ ᠴᠢᠨᠠᠷᠲᠠᠶ ᠡᠪᠡᠳᠴᠢᠲᠡᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠩ ᠤᠨ ᠬᠥᠮᠦᠨ ᠲᠠᠢ | ᠬᠠᠷᠢᠴᠠᠭᠤᠯᠪᠠᠯ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠶ ᠪᠥᠭᠡᠷᠡᠨ ᠡᠪᠡᠳᠴᠢᠨ᠂ ᠵᠢᠷᠦᠬᠡ ᠴᠢᠰᠤᠨ | ᠰᠤᠳᠠᠯ ᠤᠨ ᠡᠪᠡᠳᠴᠢᠨ᠂ ᠤᠳᠠᠭᠠᠨ ᠴᠢᠨᠠᠷᠲᠠᠶ ᠲᠦᠭᠵᠢᠷᠡᠬᠦ ᠴᠢᠨᠠᠷᠲᠠᠶ ᠠᠭᠤᠰᠬᠢᠨ ᠡᠪᠡᠳᠴᠢᠨ᠂ ᠲᠤᠯᠠᠢ ᠶᠢᠨ | ᠴᠢᠨᠠᠷᠲᠠᠶ ᠦᠶ᠎ᠡ ᠭᠡᠰᠢᠭᠦᠨ ᠤ ᠦᠷᠪᠢᠰᠦᠯ ᠵᠡᠷᠭᠡ ᠡᠪᠡᠳᠴᠢᠨ ᠲᠠᠢ ᠡᠪᠡᠳᠴᠢᠲᠡᠨ ᠤ ᠪᠦᠰᠡᠯᠡᠭᠦᠷᠲᠦ ᠴᠥᠪᠥᠷᠢᠭᠦᠲᠦ | ᠡᠰᠡᠷᠭᠡᠨ᠎ᠡ ᠡᠭᠦᠰᠬᠦ ᠲᠦᠭᠰᠢᠭᠦᠷᠢ ᠨᠢ ᠨᠡᠮᠡᠭᠳᠡᠵᠦ ᠪᠠᠶᠢᠨ᠎ᠠ᠃ ᠡᠭᠦᠨ ᠳᠤ ᠰᠢᠬᠢᠷ ᠰᠢᠵᠢᠩ ᠡᠪᠡᠳᠴᠢᠲᠡᠨ ᠤ | ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ 84% ᠪᠠᠷ ᠨᠡᠮᠡᠭᠳᠡᠵᠦ᠂ ᠵᠢᠷᠦᠬᠡ ᠴᠢᠰᠤᠨ | ᠰᠤᠳᠠᠯ ᠤᠨ ᠡᠪᠡᠳᠴᠢᠲᠡᠨ ᠤ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ 34% ᠪᠠᠷ | ᠨᠡᠮᠡᠭᠳᠡᠵᠦ᠂ ᠤᠳᠠᠭᠠᠨ ᠴᠢᠨᠠᠷᠲᠠᠶ ᠲᠦᠭᠵᠢᠷᠡᠬᠦ ᠴᠢᠨᠠᠷᠲᠠᠶ ᠠᠭᠤᠰᠬᠢᠨ ᠡᠪᠡᠳᠴᠢᠲᠡᠨ ᠤ ᠪᠦᠰᠡᠯᠡᠭᠦᠷᠲᠦ ᠴᠥᠪᠥᠷᠢᠭᠦᠲᠦ | ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ 41% ᠪᠠᠷ ᠨᠡᠮᠡᠭᠳᠡᠨ᠎ᠡ᠃ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ | ᠣᠯᠪᠠᠯ ᠤᠳᠠᠭᠠᠨ ᠴᠢᠨᠠᠷᠲᠠᠢ ᠡᠪᠡᠳᠴᠢᠨ ᠢ ᠬᠤᠷᠢᠭᠯᠠᠬᠤ ᠶᠢ ᠨᠥᠯᠥᠭᠡᠯᠡᠨ᠎ᠡ᠃ ᠰᠢᠬᠢᠷ ᠰᠢᠵᠢᠩ ᠡᠪᠡᠳᠴᠢᠲᠡᠨ | ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠣᠯᠤᠭᠰᠠᠨ ᠤ ᠰᠡᠭᠦᠯᠡᠷ᠂ ᠴᠢᠰᠤᠨ ᠰᠢᠬᠢᠷ ᠢ ᠬᠢᠵᠠᠭᠠᠷᠯᠠᠬᠤ ᠳᠤ ᠨᠡᠩ | ᠬᠦᠴᠢᠷᠳᠡᠨ᠎ᠡ᠃ ᠡᠭᠦᠨ ᠠᠴᠠ ᠭᠠᠳᠠᠨ᠎ᠠ᠂ ᠤᠳᠠᠭᠠᠨ ᠴᠢᠨᠠᠷᠲᠠᠶ ᠡᠪᠡᠳᠴᠢᠲᠡᠨ ᠪᠦᠰᠡᠯᠡᠭᠦᠷᠲᠦ ᠴᠥᠪᠥᠷᠢᠭᠦᠦ | ᠭᠠᠷᠤᠭᠰᠠᠨ ᠤ ᠰᠡᠭᠦᠯᠡᠷ᠂ ᠡᠪᠡᠳᠬᠦ ᠰᠡᠷᠡᠯ ᠨᠢ ᠴᠦ ᠨᠡᠩ ᠴᠢᠩᠭ᠎ᠠ ᠪᠣᠯᠳᠠᠭ᠃ | 03 | ᠤᠷᠢᠳᠴᠢᠯᠠᠨ ᠰᠡᠷᠭᠡᠶᠢᠯᠡᠬᠦ ᠳᠤ ᠮᠠᠰᠢ ᠴᠢᠬᠤᠯᠠ᠂ ᠡᠷᠲᠡᠬᠡᠨ ᠵᠠᠰᠠᠬᠤ ᠬᠡᠷᠡᠭᠲᠡᠢ | ᠠᠷᠠᠰᠤᠨ ᠤ ᠡᠪᠡᠳᠴᠢᠨ 2000 ᠭᠠᠷᠤᠶ ᠵᠦᠢᠯ ᠪᠠᠶᠢᠳᠠᠭ᠂ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠪᠣᠯ | ᠲᠡᠭᠦᠨ ᠤ ᠳᠣᠲᠣᠷᠠᠬᠢ ᠬᠠᠮᠤᠭ ᠠᠴᠠ ᠢᠯᠡᠭᠦᠦ ᠡᠪᠡᠳᠳᠡᠭ ᠡᠪᠡᠳᠴᠢᠨ ᠤ ᠨᠢᠭᠡ ᠨᠢ ᠪᠣᠯᠤᠨ᠎ᠠ᠃ ᠵᠠᠷᠢᠮ | ᠡᠪᠡᠳᠴᠢᠲᠡᠨ ᠳᠤ ᠠᠪᠴᠤ ᠬᠡᠯᠡᠪᠡᠯ᠂ ᠪᠦᠰᠡᠯᠡᠭᠦᠷ ᠤᠨ ᠴᠥᠪᠥᠷᠢᠭᠦᠦ ᠡᠰᠡᠷᠭᠡᠨ᠎ᠡ ᠶᠢᠨ ᠡᠪᠡᠷᠰᠢᠶᠡᠯ ᠨᠢ | ᠬᠥᠩᠭᠡᠵᠢᠬᠦ ᠶᠢᠨ ᠡᠪᠡᠷᠰᠢᠶᠡᠯ ᠠᠴᠠ ᠴᠦ ᠢᠯᠡᠭᠦᠦ ᠪᠠᠶᠢᠳᠠᠭ᠃ ᠡᠪᠡᠳᠬᠦ ᠪᠣᠯ ᠪᠦᠰᠡᠯᠡᠭᠦᠷᠲᠦ ᠴᠥᠪᠥᠷᠢᠭᠦᠲᠦ | ᠡᠰᠡᠷᠭᠡᠨ᠎ᠡ ᠡᠪᠡᠳᠴᠢᠲᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠬᠠᠮᠤᠭ ᠴᠢᠬᠤᠯᠠ ᠰᠢᠯᠲᠠᠭᠠᠨ | ᠪᠣᠯᠤᠨ᠎ᠠ᠃ | ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠨᠢ ᠬᠥᠮᠦᠨ ᠤ ᠪᠡᠶ᠎ᠡ ᠶᠢᠨ ᠮᠡᠳᠡᠷᠡᠯ ᠢ | ᠬᠤᠣᠷᠯᠠᠨ ᠭᠡᠮᠲᠦᠭᠡᠵᠦ᠂ ᠬᠡᠰᠡᠭ ᠬᠡᠰᠡᠭ ᠢᠶᠠᠷ ᠪᠤᠶᠤ ᠦᠷᠭᠦᠯᠵᠢᠯᠡᠭᠰᠡᠨ ᠴᠢᠨᠠᠷᠲᠠᠶ ᠪᠠᠷ ᠰᠦᠷᠡᠬᠡᠶ ᠡᠪᠡᠳᠦᠨ᠎ᠡ᠂ | ᠬᠠᠯᠠᠭᠠᠬᠤ᠂ ᠴᠠᠬᠢᠯᠭᠠᠨ ᠳᠤ ᠴᠣᠬᠢᠬᠤ᠂ ᠬᠢᠲᠤᠭ᠎ᠠ ᠪᠠᠷ ᠣᠭᠲᠣᠯᠬᠤ᠂ ᠵᠡᠭᠦᠦ ᠪᠠᠷ ᠬᠠᠳᠬᠤᠬᠤ᠂ ᠤᠷᠠᠭᠳᠠᠬᠤ | ᠮᠡᠲᠦ ᠪᠠᠷ ᠡᠪᠡᠳᠴᠦ᠂ ᠬᠠᠮᠤᠭ ᠥᠨᠳᠥᠷ ᠲᠡᠭᠡᠨ ᠠᠷᠪᠠᠨ ᠳᠡᠰ ᠤᠨ ᠡᠪᠡᠳᠦᠯᠲᠡ ᠳᠤ ᠬᠦᠷᠳᠡᠭ᠃ ᠪᠦᠰᠡᠯᠡᠭᠦᠷ ᠤᠨ | ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠪᠣᠯ ᠪᠦᠰᠡᠯᠡᠭᠦᠷ ᠤᠨ ᠴᠥᠪᠥᠷᠢᠭᠦᠲᠦ ᠡᠰᠡᠷᠭᠡᠨ᠎ᠡ ᠶᠢᠨ | ᠬᠠᠮᠤᠭ ᠦᠷᠭᠦᠯᠵᠢ ᠲᠣᠬᠢᠶᠠᠯᠳᠤᠳᠠᠭ ᠳᠠᠪᠬᠤᠴᠠᠭᠰᠠᠨ ᠡᠪᠡᠳᠴᠢᠨ ᠮᠥᠨ᠂ ᠨᠠᠰᠤᠲᠠᠶᠢᠴᠤᠳ ᠪᠤᠶᠤ ᠡᠮᠡᠭᠲᠡᠶᠢᠴᠦᠳ᠂ | ᠤᠷᠢᠳ ᠢᠶᠠᠷ ᠡᠪᠡᠳᠬᠦ ᠡᠪᠡᠳᠴᠢᠲᠡᠨ ᠤ ᠪᠦᠰᠡᠯᠡᠭᠦᠷ ᠤᠨ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠭᠰᠡᠨ ᠤ ᠳᠠᠷᠠᠭᠠᠬᠢ | ᠮᠡᠳᠡᠷᠡᠯ ᠡᠪᠡᠳᠬᠦ ᠠᠶᠤᠯ ᠢᠯᠡᠳᠲᠡ ᠨᠡᠮᠡᠭᠳᠡᠨ᠎ᠡ᠃ | ᠰᠤᠳᠤᠯᠭᠠᠨ ᠳᠤ ᠢᠯᠡᠷᠡᠭᠦᠯᠦᠭᠰᠡᠨ ᠢᠶᠠᠷ᠂ 10%~30% ᠶᠢᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ | ᠡᠪᠡᠳᠴᠢᠲᠡᠨ ᠳᠤ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠭᠠᠷᠤᠭᠰᠠᠨ ᠤ ᠳᠠᠷᠠᠭ᠎ᠠ ᠮᠡᠳᠡᠷᠡᠯ ᠡᠪᠡᠳᠳᠡᠭ᠃ | ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠶᠢᠨ ᠡᠪᠡᠳᠴᠢᠯᠡᠬᠦ ᠨᠤᠷᠮ᠎ᠠ ᠨᠢ | ᠨᠠᠰᠤᠨ ᠤ ᠨᠡᠮᠡᠭᠳᠡᠬᠦ ᠶᠢ ᠳᠠᠭᠠᠯᠳᠤᠨ ᠠᠭᠠᠵᠢᠮ ᠢᠶᠠᠷ ᠳᠡᠭᠡᠭᠰᠢᠯᠡᠬᠦ ᠬᠠᠨᠳᠤᠰᠢ ᠲᠠᠢ ᠪᠣᠯᠵᠤ᠂ 60 ᠨᠠᠰᠤᠨ ᠠᠴᠠ | ᠳᠡᠭᠡᠭᠰᠢᠬᠢ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠡᠪᠡᠳᠴᠢᠲᠡᠨ ᠤ ᠪᠠᠷᠤᠭ 65% ᠨᠢ ᠪᠦᠰᠡᠯᠡᠭᠦᠷᠲᠦ | ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠳᠡᠭ᠃ ᠣᠳᠣᠬᠠᠨ ᠳᠤ᠂ ᠮᠠᠨ ᠤ ᠤᠯᠤᠰ ᠲᠤ ᠪᠠᠷᠤᠭ | 400 ᠲᠦᠮᠡᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠡᠪᠡᠳᠴᠢᠲᠡᠨ᠂ | 30%~50% ᠶᠢᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠡᠪᠡᠳᠴᠢᠲᠡᠨ ᠤ | ᠡᠪᠡᠳᠬᠦ ᠴᠠᠭ ᠨᠢ 1 ᠵᠢᠯ ᠠᠴᠠ ᠬᠡᠲᠦᠷᠡᠪᠡ᠃ | ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠢᠯᠡᠷᠡᠭᠰᠡᠨ ᠢ ᠣᠯᠵᠤ ᠮᠡᠳᠡᠪᠡᠯ᠂ ᠡᠪᠡᠳᠴᠢᠲᠡᠨ ᠵᠠᠪᠠᠯ ᠭᠤᠷᠪᠠᠨ | ᠡᠳᠦᠷ ᠤᠨ ᠳᠣᠲᠣᠷ᠎ᠠ ᠡᠮᠨᠡᠭᠦᠯᠵᠦ᠂ ᠠᠯᠢ ᠲᠦᠷᠭᠡᠨ ᠢᠶᠠᠷ ᠸᠢᠷᠦ᠋ᠰ ᠢ ᠡᠰᠡᠷᠭᠦᠴᠡᠬᠦ ᠡᠮ ᠢᠶᠠᠷ ᠡᠮᠨᠡᠨ ᠵᠠᠰᠠᠬᠤ ᠬᠡᠷᠡᠭᠲᠡᠶ | ᠃ ᠲᠦᠷᠭᠡᠨ ᠴᠢᠨᠠᠷᠲᠠᠶ ᠬᠤᠭᠤᠴᠠᠭᠠᠨ ᠳᠤ ᠡᠪᠡᠳᠬᠦ ᠶᠢ ᠬᠡᠳᠦᠶ ᠰᠠᠶᠢᠨ ᠬᠢᠵᠠᠭᠠᠷᠯᠠᠵᠤ᠂ ᠪᠦᠰᠡᠯᠡᠭᠦᠷᠲᠦ ᠴᠥᠪᠥᠷᠢᠭᠦᠦ | ᠡᠰᠡᠷᠭᠡᠨ᠎ᠡ ᠶᠢᠨ ᠡᠳᠡᠭᠡᠷᠡᠬᠦ ᠨᠢ ᠲᠡᠳᠦᠶ ᠲᠦᠷᠭᠡᠨ᠂ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠶᠢᠨ ᠳᠠᠷᠠᠭ᠎ᠠ | ᠮᠡᠳᠡᠷᠡᠯ ᠤᠨ ᠡᠪᠡᠳᠦᠯᠲᠡ ᠶᠢᠨ ᠡᠭᠦᠰᠬᠦ ᠨᠤᠷᠮ᠎ᠠ ᠨᠢ ᠲᠡᠳᠦᠶ ᠳᠣᠣᠷ᠎ᠠ ᠪᠠᠶᠢᠳᠠᠭ᠃ ᠡᠭᠦᠨ ᠠᠴᠠ ᠭᠠᠳᠠᠨ᠎ᠠ᠂ | ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠡᠪᠡᠳᠴᠢᠨ ᠣᠯᠤᠭᠰᠠᠨ ᠤ ᠳᠠᠷᠠᠭ᠎ᠠ ᠨᠠᠰᠤᠨ ᠲᠤᠷᠰᠢᠳᠠ ᠶᠢᠨ | ᠡᠭᠡᠯᠢᠯᠡᠭᠡ ᠶᠢᠨ ᠡᠪᠡᠳᠴᠢᠨ ᠪᠢᠰᠢ᠂ ᠡᠳᠡᠭᠡᠷᠡᠭᠰᠡᠨ ᠤ ᠳᠠᠷᠠᠭ᠎ᠠ ᠮᠥᠨ ᠴᠦ ᠳᠠᠬᠢᠨ ᠬᠥᠳᠡᠯᠬᠦ ᠪᠣᠯᠤᠯᠴᠠᠭ᠎ᠠ ᠲᠠᠢ | ᠭᠡᠳᠡᠭ ᠢ ᠠᠩᠬᠠᠷᠬᠤ ᠬᠡᠷᠡᠭᠲᠡᠶ᠃ | ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠶᠢ ᠰᠡᠷᠭᠡᠶᠢᠯᠡᠬᠦ ᠳᠤ ᠢᠳᠡᠭᠡᠨ ᠤᠮᠳᠠᠭᠠᠨ ᠢᠶᠠᠨ ᠲᠡᠩᠴᠡᠭᠦᠯᠬᠦ᠂ | ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠰᠡᠳᠬᠢᠯ ᠰᠠᠨᠠᠭ᠎ᠠ ᠪᠠᠨ ᠲᠣᠬᠢᠷᠠᠭᠤᠯᠬᠤ᠂ ᠨᠦᠢᠷ ᠭᠦᠢᠴᠡᠳ ᠪᠠᠶᠢᠬᠤ | ᠵᠡᠷᠭᠡ ᠡᠷᠡᠭᠦᠯ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠪᠠᠲᠤᠯᠠᠬᠤ ᠨᠢ ᠮᠠᠰᠢ ᠴᠢᠬᠤᠯᠠ᠃ ᠡᠭᠦᠨ ᠤ ᠬᠠᠮᠲᠤ᠂ | ᠸᠠᠺᠼᠢᠨ ᠤ ᠲᠠᠷᠢᠯᠭ᠎ᠠ ᠬᠢᠬᠦ ᠪᠣᠯ ᠣᠨᠴᠠᠭᠠᠶ ᠴᠢᠨᠠᠷᠲᠠᠶ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢ ᠰᠡᠷᠭᠡᠶᠢᠯᠡᠬᠦ | ᠨᠢᠭᠡ ᠵᠦᠢᠯ ᠤᠨ ᠠᠷᠭ᠎ᠠ ᠬᠡᠮᠵᠢᠶ᠎ᠡ ᠮᠥᠨ᠃ | | ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |