50 ᠨᠠᠰᠤᠨ ᠠᠴᠠ ᠰᠡᠭᠦᠯᠡᠷ᠂ ᠡᠨᠡ ᠵᠦᠢᠯ ᠤᠨ ᠡᠪᠡᠳᠴᠢᠨ ᠤ ᠠᠶᠤᠯ ᠨᠢ ᠨᠡᠮᠡᠭᠳᠡᠨ᠎ᠡ᠂ ᠤᠳᠠᠭᠠᠨ ᠴᠢᠨᠠᠷᠲᠠᠢ ᠡᠪᠡᠳᠴᠢᠨ ᠲᠠᠢ ᠬᠥᠮᠦᠰ ᠨᠡᠩ ᠠᠩᠬᠠᠷᠬᠤ ᠬᠡᠷᠡᠭᠲᠡᠢ︕
ᠨᠡᠶᠢᠲᠡᠯᠡᠭᠰᠡᠨ ᠴᠠᠭ᠄
2023/3/8
     ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠨᠢ ᠨᠢᠭᠡ ᠵᠦᠢᠯ ᠤᠨ 50 ᠨᠠᠰᠤᠨ ᠠᠴᠠ ᠳᠡᠭᠡᠭᠰᠢᠬᠢ ᠢᠳᠡᠷ ᠦᠲᠡᠯ᠎ᠡ ᠨᠠᠰᠤᠨ ᠤ ᠬᠥᠮᠦᠰ ᠲᠤ ᠣᠯᠠᠨ ᠡᠭᠦᠰᠳᠡᠭ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠪᠣᠯᠤᠭᠰᠠᠨ ᠤ ᠬᠤᠪᠢ ᠳᠤ᠂ ᠢᠳᠡᠷ ᠦᠲᠡᠯ᠎ᠡ ᠨᠠᠰᠤᠨ ᠤ ᠬᠥᠮᠦᠰ ᠤᠨ ᠡᠷᠡᠭᠦᠯ ᠮᠡᠨᠳᠦ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠳᠡᠭ᠃ 50 ᠨᠠᠰᠤᠨ ᠠᠴᠠ ᠳᠡᠭᠡᠭᠰᠢᠬᠢ ᠬᠥᠮᠦᠰ ᠪᠠ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠳ ᠤᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ ᠢᠯᠡᠳᠲᠡ ᠨᠡᠮᠡᠭᠳᠡᠵᠦ᠂ ᠥᠳᠥᠭᠡᠬᠦ ᠰᠢᠯᠲᠠᠭᠠᠨ ᠢ ᠠᠩᠬᠠᠷᠴᠤ᠂ ᠰᠠᠭᠤᠷᠢ ᠡᠪᠡᠳᠴᠢᠨ ᠡᠮᠭᠡᠭ ᠢ ᠬᠠᠮᠢᠶᠠᠷᠤᠨ᠂ ᠢᠳᠡᠪᠬᠢᠲᠡᠶ ᠪᠠᠷ ᠠᠵᠢᠯᠯᠠᠭ᠎ᠠ ᠠᠪᠴᠤ ᠰᠡᠷᠭᠡᠶᠢᠯᠡᠬᠦ ᠪᠣᠯ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠠᠴᠠ ᠬᠤᠯᠠᠳᠠᠬᠤ ᠮᠡᠷᠭᠡᠨ ᠠᠷᠭ᠎ᠠ ᠬᠡᠮᠵᠢᠶ᠎ᠡ ᠮᠥᠨ᠃    01      ᠨᠢᠭᠡ ᠵᠦᠢᠯ ᠤᠨ ᠸᠢᠷᠦ᠋ᠰ ᠬᠤᠶᠠᠷ ᠵᠦᠢᠯ ᠤᠨ ᠡᠪᠡᠳᠴᠢᠨ ᠢ ︽ᠲᠠᠲᠠᠵᠤ︾ ᠪᠠᠶᠢᠨ᠎ᠠ᠃      ᠪᠦᠰᠡᠯᠡᠭᠦᠷ ᠤᠨ ᠴᠥᠪᠥᠷᠢᠭᠦᠲᠦ ᠡᠰᠡᠷᠭᠡᠨ᠎ᠡ ᠶᠢ ᠣᠯᠠᠩᠬᠢ ᠬᠥᠮᠦᠰ ᠪᠦᠷ ᠲᠠᠨᠢᠬᠤ ᠦᠭᠡᠢ ᠪᠠᠶᠢᠳᠠᠭ᠂ ᠢᠯᠠᠩᠭᠤᠶ᠎ᠠ ᠨᠠᠰᠤ ᠠᠬᠢᠭᠰᠠᠨ ᠬᠥᠮᠦᠰ ᠰᠣᠨᠣᠰᠴᠤ ᠥᠩᠭᠡᠷᠡᠭᠰᠡᠨ ᠢᠶᠠᠷ ᠪᠠᠷᠠᠬᠤ ᠦᠭᠡᠢ ᠪᠠᠰᠠ ᠲᠡᠭᠦᠨ ᠳᠤ ᠲᠠᠷᠴᠢᠯᠠᠭᠠᠭᠳᠠᠵᠤ ᠦᠬᠦᠬᠦ ᠶᠢᠨ ᠠᠷᠭ᠎ᠠ ᠦᠭᠡᠢ ᠪᠣᠯᠤᠭᠰᠠᠨ ᠪᠠᠶᠢᠵᠤ ᠮᠡᠳᠡᠨ᠎ᠡ᠃ ᠡᠨᠡ ᠦᠶ᠎ᠡ ᠳᠤ ᠮᠠᠰᠢ ᠣᠯᠠᠨ ᠬᠥᠮᠦᠨ ᠪᠦᠷ ᠲᠠᠨᠢᠬᠤ ᠦᠭᠡᠢ ᠪᠠᠶᠢᠳᠠᠭ᠂ ᠢᠯᠠᠩᠭᠤᠶ᠎ᠠ ᠨᠠᠰᠤ ᠠᠬᠢᠭᠰᠠᠨ ᠬᠥᠮᠦᠰ ᠰᠣᠨᠣᠰᠴᠤ ᠥᠩᠭᠡᠷᠡᠭᠰᠡᠨ ᠢᠶᠠᠷ ᠪᠠᠷᠠᠬᠤ ᠦᠭᠡᠢ ᠪᠠᠰᠠ ᠲᠡᠭᠦᠨ ᠳᠤ ᠲᠠᠷᠴᠢᠯᠠᠭᠠᠭᠳᠠᠵᠤ ᠦᠬᠦᠬᠦ ᠶᠢᠨ ᠠᠷᠭ᠎ᠠ ᠦᠭᠡᠢ ᠪᠣᠯᠤᠭᠰᠠᠨ ᠪᠠᠶᠢᠵᠤ ᠮᠡᠳᠡᠨ᠎ᠡ᠃ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢ ᠶᠡᠷᠦ ᠳᠡᠭᠡᠨ ︽ᠪᠦᠰᠡᠯᠡᠭᠦᠷᠲᠦ ᠭᠠᠯ ᠦᠷᠢᠯ︾ ︽ᠪᠦᠰᠡᠯᠡᠭᠦᠷᠲᠦ ᠭᠦᠷᠪᠡᠯ︾ ︽ᠪᠦᠰᠡᠯᠡᠭᠦᠷᠲᠦ ᠭᠦᠷᠪᠡᠯ︾ ᠭᠡᠳᠡᠭ᠂ ᠰᠡᠷᠬᠡᠨᠦᠳ — ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ︵VZV︶ ᠤᠨ ᠪᠡᠶ᠎ᠡ ᠶᠢᠨ ᠳᠣᠲᠣᠭᠠᠳᠤ ᠳᠤ ᠳᠠᠬᠢᠨ ᠠᠮᠢᠯᠠᠭᠤᠯᠤᠭᠰᠠᠨ ᠠᠴᠠ ᠪᠣᠯᠤᠭᠰᠠᠨ ᠬᠠᠯᠳᠠᠪᠤᠷᠢᠯᠠᠯ ᠤᠨ ᠴᠢᠨᠠᠷᠲᠠᠶ ᠠᠷᠠᠰᠤᠨ ᠤ ᠡᠪᠡᠳᠴᠢᠨ᠃      ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠨᠢ ᠬᠥᠮᠦᠰ ᠲᠤ ᠰᠡᠷᠬᠡᠨᠦᠳ ᠣᠯᠭᠤᠬᠤ ᠪᠠᠷ ᠪᠠᠷᠠᠬᠤ ᠦᠭᠡᠢ ᠪᠠᠰᠠ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠣᠯᠭᠤᠳᠠᠭ᠃ ᠬᠤᠶᠠᠷ ᠵᠦᠢᠯ ᠤᠨ ᠡᠪᠡᠳᠴᠢᠨ ᠪᠣᠯ ᠦᠨᠡᠨ ᠳᠡᠭᠡᠨ ᠠᠳᠠᠯᠢ ᠨᠢᠭᠡ ᠵᠦᠢᠯ ᠤᠨ ᠸᠢᠷᠦ᠋ᠰ ᠠᠴᠠ ᠡᠭᠦᠰᠦᠭᠰᠡᠨ ᠶᠤᠮ᠃ ᠬᠥᠮᠦᠰ ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠲᠤ ᠨᠡᠶᠢᠳᠡᠮ ᠳᠡᠭᠡᠨ ᠠᠮᠠᠷᠬᠠᠨ ᠬᠠᠯᠳᠠᠪᠤᠷᠢᠯᠠᠳᠠᠭ᠂ ᠸᠢᠷᠦ᠋ᠰ ᠨᠢ ᠬᠥᠭᠡᠰᠦ ᠪᠠ ᠬᠦᠷᠦᠯᠴᠡᠯ ᠢᠶᠠᠷ ᠳᠠᠮᠵᠢᠨ ᠲᠠᠷᠬᠠᠵᠤ᠂ ᠠᠮᠢᠰᠬᠤᠯ ᠤᠨ ᠵᠠᠮ ᠤᠨ ᠰᠠᠯᠢᠰᠤᠲᠤ ᠪᠦᠷᠬᠦᠪᠴᠢ ᠪᠠᠷ ᠬᠥᠮᠦᠨ ᠤ ᠪᠡᠶ᠎ᠡ ᠳᠤ ᠣᠷᠣᠳᠠᠭ᠃      ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠤᠨ ᠨᠢᠭᠡᠳᠦᠭᠡᠷ ᠤᠳᠠᠭᠠᠨ ᠤ ᠬᠠᠯᠳᠠᠪᠤᠷᠢᠯᠠᠯ ᠨᠢ ᠶᠡᠷᠦ ᠳᠡᠭᠡᠨ ᠬᠡᠦᠬᠡᠳ ᠤᠨ ᠦᠶ᠎ᠡ ᠳᠤ ᠡᠭᠦᠰᠴᠦ᠂ ᠰᠡᠷᠬᠡᠨᠦᠳ ᠡᠭᠦᠰᠭᠡᠳᠡᠭ᠃ ᠰᠡᠷᠬᠡᠨᠦᠳ ᠡᠳᠡᠭᠡᠷᠡᠭᠰᠡᠨ ᠤ ᠳᠠᠷᠠᠭ᠎ᠠ᠂ ᠸᠢᠷᠦ᠋ᠰ ᠨᠢ ᠠᠷᠢᠯᠤᠭᠰᠠᠨ ᠦᠭᠡᠢ᠂ ᠬᠠᠷᠢᠨ ᠬᠥᠮᠦᠨ ᠤ ᠪᠡᠶ᠎ᠡ ᠶᠢᠨ ᠮᠡᠳᠡᠷᠡᠯ ᠤᠨ ᠵᠠᠩᠭᠢᠯᠠᠭ᠎ᠠ ᠳᠣᠲᠣᠷ᠎ᠠ ᠤᠷᠲᠤ ᠬᠤᠭᠤᠴᠠᠭ᠎ᠠ ᠪᠠᠷ ᠨᠢᠭᠤᠭᠳᠠᠳᠠᠭ᠃ ᠬᠡᠯᠡᠯᠭᠡᠨ ᠦᠭᠡᠢ᠂ ᠵᠠᠷᠢᠮ ᠬᠥᠮᠦᠨ ᠬᠠᠯᠳᠠᠪᠤᠷᠢᠯᠠᠭᠰᠠᠨ ᠤ ᠳᠠᠷᠠᠭ᠎ᠠ ᠰᠡᠷᠬᠡᠨᠦᠳ ᠭᠠᠷᠬᠤ ᠦᠭᠡᠢ᠂ ᠵᠥᠪᠬᠡᠨ ᠨᠢᠭᠤᠭᠳᠠᠮᠠᠯ ᠴᠢᠨᠠᠷᠲᠠᠶ ᠬᠠᠯᠳᠠᠪᠤᠷᠢᠯᠠᠯ ᠲᠠᠢ ᠪᠠᠶᠢᠵᠤ᠂ ᠴᠢᠨᠠᠭᠰᠢᠯᠠᠪᠠᠯ ᠪᠡᠶ᠎ᠡ ᠶᠢᠨ ᠳᠣᠲᠣᠷ᠎ᠠ ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠲᠠᠢ ᠪᠣᠯᠤᠭᠰᠠᠨ ᠢ ᠤᠭᠲᠤ ᠮᠡᠳᠡᠬᠦ ᠦᠭᠡᠢ ᠪᠠᠶᠢᠳᠠᠭ᠃    02      ᠭᠤᠷᠪᠠᠨ ᠲᠥᠷᠥᠯ ᠤᠨ ᠬᠥᠮᠦᠰ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠵᠠᠪᠰᠢᠶᠠᠨ ᠢ ᠳᠠᠯᠢᠮᠳᠠᠭᠤᠯᠤᠨ ᠬᠥᠳᠡᠯᠬᠦ ᠶᠢ ᠰᠡᠷᠡᠮᠵᠢᠯᠡᠬᠦ ᠬᠡᠷᠡᠭᠲᠡᠶ      ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠤᠷᠲᠤ ᠬᠤᠭᠤᠴᠠᠭ᠎ᠠ ᠪᠠᠷ ᠨᠤᠭᠤᠰᠤᠨ ᠤ ᠠᠷᠤ ᠤᠭ ᠤᠨ ᠮᠡᠳᠡᠷᠡᠯ ᠤᠨ ᠵᠠᠩᠭᠢᠯᠠᠭ᠎ᠠ ᠪᠤᠶᠤ ᠭᠠᠪᠠᠯᠠ ᠶᠢᠨ ᠮᠡᠳᠡᠷᠡᠯ ᠤᠨ ᠵᠠᠩᠭᠢᠯᠠᠭ᠎ᠠ ᠶᠢᠨ ᠳᠣᠲᠣᠷ᠎ᠠ ᠨᠢᠭᠤᠭᠳᠠᠵᠤ᠂ ᠳᠠᠬᠢᠨ ᠢᠳᠡᠪᠬᠢᠵᠢᠭᠦᠯᠦᠭᠰᠡᠨ ᠤ ᠳᠠᠷᠠᠭ᠎ᠠ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢ ᠡᠭᠦᠰᠭᠡᠨ᠎ᠡ᠃ 90% ᠠᠴᠠ ᠳᠡᠭᠡᠭᠰᠢᠬᠢ ᠨᠠᠰᠤᠨ ᠳᠤ ᠬᠦᠷᠦᠭᠰᠡᠳ ᠤᠨ ᠪᠡᠶ᠎ᠡ ᠳᠤ ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠨᠢᠭᠤᠭᠳᠠᠵᠤ ᠪᠠᠶᠢᠳᠠᠭ᠃ ᠨᠠᠰᠤᠨ ᠤ ᠨᠡᠮᠡᠭᠳᠡᠬᠦ ᠶᠢ ᠳᠠᠭᠠᠯᠳᠤᠨ᠂ ᠡᠭᠡᠯᠢᠯᠡᠭᠡ ᠶᠢᠨ ᠰᠢᠰᠲ᠋ᠧᠮ ᠤᠨ ᠴᠢᠳᠠᠪᠤᠷᠢ ᠳᠣᠷᠣᠭᠰᠢᠯᠠᠵᠤ᠂ ᠬᠥᠮᠦᠨ ᠤ ᠪᠡᠶ᠎ᠡ ᠶᠢᠨ ᠰᠡᠷᠬᠡᠨᠦᠳ - ᠪᠦᠰᠡᠯᠢᠭ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠲᠤ ᠴᠢᠭᠯᠡᠭᠦᠯᠦᠭᠰᠡᠨ ᠣᠨᠴᠠᠭᠠᠶ ᠴᠢᠨᠠᠷᠲᠠᠶ ᠡᠰ ᠤᠨ ᠡᠭᠡᠯᠢᠯᠡᠭᠡ ᠶᠢᠨ ᠴᠢᠳᠠᠪᠤᠷᠢ ᠴᠤ ᠳᠠᠭᠠᠯᠳᠤᠨ ᠳᠣᠷᠣᠭᠰᠢᠯᠠᠵᠤ᠂ ᠪᠦᠰᠡᠯᠢᠭ ᠴᠥᠪᠥᠷᠢᠭᠦᠲᠦ ᠡᠰᠡᠷᠭᠡᠨ᠎ᠡ ᠶᠢᠨ ᠡᠪᠡᠳᠴᠢᠯᠡᠬᠦ ᠨᠤᠷᠮ᠎ᠠ ᠳᠡᠭᠡᠭᠰᠢᠯᠡᠬᠦ ᠬᠠᠨᠳᠤᠰᠢ ᠲᠠᠢ ᠪᠣᠯᠳᠠᠭ᠃ ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ 50 ᠨᠠᠰᠤᠨ ᠠᠴᠠ ᠳᠡᠭᠡᠭᠰᠢᠬᠢ ᠬᠥᠮᠦᠰ ᠲᠤ ᠵᠢᠯ ᠪᠦᠷᠢ ᠪᠠᠷᠤᠭ 156 ᠲᠦᠮᠡᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠰᠢᠨ᠎ᠡ ᠪᠠᠷ ᠭᠠᠷᠴᠤ ᠪᠠᠶᠢᠨ᠎ᠠ᠃    ᡻   50 ᠨᠠᠰᠤᠨ ᠠᠴᠠ ᠳᠡᠭᠡᠭᠰᠢᠬᠢ ᠬᠥᠮᠦᠰ ᠤᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠨᠢ ᠮᠠᠨ ᠠᠴᠠ ᠮᠠᠰᠢ ᠣᠶᠢᠷ᠎ᠠ᠂ ᠶᠠᠮᠠᠷ ᠴᠤ ᠨᠠᠰᠤᠨ ᠳᠤ ᠪᠦᠷ ᠡᠭᠦᠰᠬᠦ ᠪᠣᠯᠤᠯᠴᠠᠭ᠎ᠠ ᠲᠠᠢ᠂ 50 ᠨᠠᠰᠤᠨ ᠠᠴᠠ ᠳᠡᠭᠡᠭᠰᠢᠬᠢ ᠬᠥᠮᠦᠰ ᠪᠣᠯ ᠠᠮᠠᠷᠬᠠᠨ ᠡᠭᠦᠰᠳᠡᠭ ᠬᠥᠮᠦᠰ ᠪᠣᠯᠤᠨ᠎ᠠ᠃ ᠪᠡᠶ᠎ᠡ ᠮᠠᠬᠠᠪᠣᠳ ᠨᠢ ᠡᠷᠡᠭᠦᠯ ᠴᠢᠭᠢᠷᠠᠭ ᠪᠠᠶᠢᠯ᠎ᠠ ᠴᠤ ᠭᠡᠰᠡᠨ᠂ 50 ᠨᠠᠰᠤᠨ ᠠᠴᠠ ᠳᠡᠭᠡᠭᠰᠢᠬᠢ ᠢᠳᠡᠷ ᠦᠲᠡᠯ᠎ᠡ ᠨᠠᠰᠤᠨ ᠤ ᠬᠥᠮᠦᠰ ᠤᠨ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠤᠯᠬᠤ ᠲᠦᠭᠰᠢᠭᠦᠷᠢ ᠨᠢ ᠪᠠᠰᠠ ᠭᠡᠨᠡᠳᠲᠡ ᠪᠠᠷ ᠨᠡᠮᠡᠭᠳᠡᠳᠡᠭ᠂ ᠢᠯᠠᠩᠭᠤᠶ᠎ᠠ ᠰᠠᠭᠤᠷᠢ ᠤᠳᠠᠭᠠᠨ ᠴᠢᠨᠠᠷᠲᠠᠶ ᠡᠪᠡᠳᠴᠢᠨ ᠲᠠᠢ ᠢᠳᠡᠷ ᠦᠲᠡᠯ᠎ᠡ ᠨᠠᠰᠤᠨ ᠤ ᠬᠥᠮᠦᠰ ᠨᠡᠩ ᠠᠮᠠᠷᠬᠠᠨ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠣᠯᠳᠠᠭ᠃ ᠣᠶᠢᠷ᠎ᠠ ᠶᠢᠨ ᠬᠤᠭᠤᠴᠠᠭᠠᠨ ᠳᠤ᠂ ᠠᠵᠢᠯ ᠤᠨ ᠠᠶᠢᠵᠠᠮ ᠰᠡᠷᠭᠦᠬᠦ᠂ ᠭᠠᠳᠠᠭᠰᠢ ᠭᠠᠷᠴᠤ ᠵᠢᠭᠤᠯᠴᠢᠯᠠᠬᠤ ᠶᠠᠪᠤᠳᠠᠯ ᠨᠡᠮᠡᠭᠳᠡᠬᠦ ᠵᠡᠷᠭᠡ ᠪᠠᠶᠢᠳᠠᠯ ᠢ ᠳᠠᠭᠠᠯᠳᠤᠨ᠂ ᠢᠳᠡᠷ ᠥᠲᠡᠯᠦᠭᠡ ᠨᠠᠰᠤᠨ ᠤ ᠬᠥᠮᠦᠰ ᠤᠨ ᠶᠠᠳᠠᠷᠠᠵᠤ ᠵᠦᠳᠡᠷᠡᠭᠰᠡᠨ ᠠᠴᠠ ᠪᠣᠯᠵᠣ ᠡᠭᠡᠯᠢᠯᠡᠭᠡ ᠶᠢᠨ ᠴᠢᠳᠠᠪᠤᠷᠢ ᠪᠠᠭᠤᠷᠠᠵᠤ᠂ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠨᠡᠷᠪᠡᠭᠳᠡᠬᠦ ᠲᠦᠭᠰᠢᠭᠦᠷᠢ ᠢᠯᠡᠳᠲᠡ ᠨᠡᠮᠡᠭᠳᠡᠵᠦ ᠪᠠᠶᠢᠨ᠎ᠠ᠃      ᡻ ᠡᠭᠡᠯᠢᠯᠡᠭᠡ ᠶᠢᠨ ᠭᠡᠮᠲᠦᠯ ᠳᠤ ᠤᠴᠠᠷᠠᠭᠰᠠᠨ ᠬᠥᠮᠦᠰ ᠤᠨ ᠡᠭᠡᠯᠢᠯᠡᠭᠡ ᠶᠢᠨ ᠬᠤᠷᠢᠭᠯᠠᠯ ᠪᠤᠶᠤ ᠡᠭᠡᠯᠢᠯᠡᠭᠡ ᠶᠢᠨ ᠴᠢᠳᠠᠪᠤᠷᠢ ᠳᠣᠣᠷ᠎ᠠ ᠬᠥᠮᠦᠰ᠂ ᠵᠢᠱᠢᠶᠡᠯᠡᠪᠡᠯ ᠬᠠᠪᠤᠳᠠᠷᠲᠤ ᠡᠪᠡᠳᠴᠢᠲᠡᠨ᠂ HIV ᠬᠠᠯᠳᠠᠪᠤᠷᠢᠯᠠᠭᠰᠠᠳ᠂ ᠥᠪᠡᠷ ᠤᠨ ᠪᠡᠶ᠎ᠡ ᠶᠢᠨ ᠡᠭᠡᠯᠢᠯᠡᠭᠡ ᠶᠢᠨ ᠴᠢᠨᠠᠷᠲᠠᠶ ᠡᠪᠡᠳᠴᠢᠲᠡᠨ ᠵᠢᠴᠢ ᠤᠷᠲᠤ ᠬᠤᠭᠤᠴᠠᠭ᠎ᠠ ᠪᠠᠷ ᠬᠥᠷᠥᠰᠦᠯᠢᠭ ᠡᠳ᠋ ᠤᠨ ᠰᠢᠬᠢᠷᠲᠦ ᠬᠤᠷᠮᠣᠨ᠂ ᠡᠭᠡᠯᠢᠯᠡᠭᠡ ᠶᠢ ᠬᠤᠷᠢᠭᠯᠠᠬᠤ ᠡᠮ ᠪᠠ ᠰᠠᠴᠤᠷᠠᠭ ᠵᠠᠰᠠᠯ ᠢ ᠬᠦᠯᠢᠶᠡᠨ ᠠᠪᠤᠭᠰᠠᠨ ᠡᠪᠡᠳᠴᠢᠲᠡᠨ ᠴᠦ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠶᠢᠨ ᠵᠠᠪᠰᠢᠶᠠᠨ ᠢ ᠳᠠᠯᠢᠮᠳᠠᠭᠤᠯᠤᠨ ᠬᠥᠳᠡᠯᠬᠦ ᠶᠢ ᠰᠡᠷᠡᠮᠵᠢᠯᠡᠵᠦ᠂ ᠡᠪᠡᠳᠴᠢᠨ ᠳᠡᠭᠡᠷ᠎ᠡ ᠡᠪᠡᠳᠴᠢᠨ ᠨᠡᠮᠡᠬᠦ ᠠᠴᠠ ᠵᠠᠶᠢᠯᠠᠰᠬᠢᠵᠦ᠂ ᠡᠮᠴᠢᠯᠡᠭᠡ ᠶᠢ ᠨᠡᠩ ᠪᠤᠳᠤᠯᠢᠶᠠᠨᠲᠠᠶ ᠪᠣᠯᠭᠠᠬᠤ ᠬᠡᠷᠡᠭᠲᠡᠶ᠃      ᠤᠳᠠᠭᠠᠨ ᠴᠢᠨᠠᠷᠲᠠᠶ ᠡᠪᠡᠳᠴᠢᠲᠡᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠩ ᠤᠨ ᠬᠥᠮᠦᠨ ᠲᠠᠢ ᠬᠠᠷᠢᠴᠠᠭᠤᠯᠪᠠᠯ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠶ ᠪᠥᠭᠡᠷᠡᠨ ᠡᠪᠡᠳᠴᠢᠨ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠤᠳᠠᠭᠠᠨ ᠴᠢᠨᠠᠷᠲᠠᠶ ᠲᠦᠭᠵᠢᠷᠡᠬᠦ ᠴᠢᠨᠠᠷᠲᠠᠶ ᠠᠭᠤᠰᠬᠢᠨ ᠡᠪᠡᠳᠴᠢᠨ᠂ ᠲᠤᠯᠠᠢ ᠶᠢᠨ ᠴᠢᠨᠠᠷᠲᠠᠶ ᠦᠶ᠎ᠡ ᠭᠡᠰᠢᠭᠦᠨ ᠤ ᠦᠷᠪᠢᠰᠦᠯ ᠵᠡᠷᠭᠡ ᠡᠪᠡᠳᠴᠢᠨ ᠲᠠᠢ ᠡᠪᠡᠳᠴᠢᠲᠡᠨ ᠤ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠡᠭᠦᠰᠬᠦ ᠲᠦᠭᠰᠢᠭᠦᠷᠢ ᠨᠢ ᠨᠡᠮᠡᠭᠳᠡᠵᠦ ᠪᠠᠶᠢᠨ᠎ᠠ᠃ ᠡᠭᠦᠨ ᠳᠤ ᠰᠢᠬᠢᠷ ᠰᠢᠵᠢᠩ ᠡᠪᠡᠳᠴᠢᠲᠡᠨ ᠤ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ 84% ᠪᠠᠷ ᠨᠡᠮᠡᠭᠳᠡᠵᠦ᠂ ᠵᠢᠷᠦᠬᠡ ᠴᠢᠰᠤᠨ ᠰᠤᠳᠠᠯ ᠤᠨ ᠡᠪᠡᠳᠴᠢᠲᠡᠨ ᠤ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ 34% ᠪᠠᠷ ᠨᠡᠮᠡᠭᠳᠡᠵᠦ᠂ ᠤᠳᠠᠭᠠᠨ ᠴᠢᠨᠠᠷᠲᠠᠶ ᠲᠦᠭᠵᠢᠷᠡᠬᠦ ᠴᠢᠨᠠᠷᠲᠠᠶ ᠠᠭᠤᠰᠬᠢᠨ ᠡᠪᠡᠳᠴᠢᠲᠡᠨ ᠤ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠬᠦ ᠲᠦᠭᠰᠢᠭᠦᠷᠢ 41% ᠪᠠᠷ ᠨᠡᠮᠡᠭᠳᠡᠨ᠎ᠡ᠃ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠣᠯᠪᠠᠯ ᠤᠳᠠᠭᠠᠨ ᠴᠢᠨᠠᠷᠲᠠᠢ ᠡᠪᠡᠳᠴᠢᠨ ᠢ ᠬᠤᠷᠢᠭᠯᠠᠬᠤ ᠶᠢ ᠨᠥᠯᠥᠭᠡᠯᠡᠨ᠎ᠡ᠃ ᠰᠢᠬᠢᠷ ᠰᠢᠵᠢᠩ ᠡᠪᠡᠳᠴᠢᠲᠡᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠣᠯᠤᠭᠰᠠᠨ ᠤ ᠰᠡᠭᠦᠯᠡᠷ᠂ ᠴᠢᠰᠤᠨ ᠰᠢᠬᠢᠷ ᠢ ᠬᠢᠵᠠᠭᠠᠷᠯᠠᠬᠤ ᠳᠤ ᠨᠡᠩ ᠬᠦᠴᠢᠷᠳᠡᠨ᠎ᠡ᠃ ᠡᠭᠦᠨ ᠠᠴᠠ ᠭᠠᠳᠠᠨ᠎ᠠ᠂ ᠤᠳᠠᠭᠠᠨ ᠴᠢᠨᠠᠷᠲᠠᠶ ᠡᠪᠡᠳᠴᠢᠲᠡᠨ ᠪᠦᠰᠡᠯᠡᠭᠦᠷᠲᠦ ᠴᠥᠪᠥᠷᠢᠭᠦᠦ ᠭᠠᠷᠤᠭᠰᠠᠨ ᠤ ᠰᠡᠭᠦᠯᠡᠷ᠂ ᠡᠪᠡᠳᠬᠦ ᠰᠡᠷᠡᠯ ᠨᠢ ᠴᠦ ᠨᠡᠩ ᠴᠢᠩᠭ᠎ᠠ ᠪᠣᠯᠳᠠᠭ᠃    03      ᠤᠷᠢᠳᠴᠢᠯᠠᠨ ᠰᠡᠷᠭᠡᠶᠢᠯᠡᠬᠦ ᠳᠤ ᠮᠠᠰᠢ ᠴᠢᠬᠤᠯᠠ᠂ ᠡᠷᠲᠡᠬᠡᠨ ᠵᠠᠰᠠᠬᠤ ᠬᠡᠷᠡᠭᠲᠡᠢ      ᠠᠷᠠᠰᠤᠨ ᠤ ᠡᠪᠡᠳᠴᠢᠨ 2000 ᠭᠠᠷᠤᠶ ᠵᠦᠢᠯ ᠪᠠᠶᠢᠳᠠᠭ᠂ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠪᠣᠯ ᠲᠡᠭᠦᠨ ᠤ ᠳᠣᠲᠣᠷᠠᠬᠢ ᠬᠠᠮᠤᠭ ᠠᠴᠠ ᠢᠯᠡᠭᠦᠦ ᠡᠪᠡᠳᠳᠡᠭ ᠡᠪᠡᠳᠴᠢᠨ ᠤ ᠨᠢᠭᠡ ᠨᠢ ᠪᠣᠯᠤᠨ᠎ᠠ᠃ ᠵᠠᠷᠢᠮ ᠡᠪᠡᠳᠴᠢᠲᠡᠨ ᠳᠤ ᠠᠪᠴᠤ ᠬᠡᠯᠡᠪᠡᠯ᠂ ᠪᠦᠰᠡᠯᠡᠭᠦᠷ ᠤᠨ ᠴᠥᠪᠥᠷᠢᠭᠦᠦ ᠡᠰᠡᠷᠭᠡᠨ᠎ᠡ ᠶᠢᠨ ᠡᠪᠡᠷᠰᠢᠶᠡᠯ ᠨᠢ ᠬᠥᠩᠭᠡᠵᠢᠬᠦ ᠶᠢᠨ ᠡᠪᠡᠷᠰᠢᠶᠡᠯ ᠠᠴᠠ ᠴᠦ ᠢᠯᠡᠭᠦᠦ ᠪᠠᠶᠢᠳᠠᠭ᠃ ᠡᠪᠡᠳᠬᠦ ᠪᠣᠯ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠡᠪᠡᠳᠴᠢᠲᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠬᠠᠮᠤᠭ ᠴᠢᠬᠤᠯᠠ ᠰᠢᠯᠲᠠᠭᠠᠨ ᠪᠣᠯᠤᠨ᠎ᠠ᠃      ᠰᠡᠷᠬᠡᠨᠦᠳ - ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠨᠢ ᠬᠥᠮᠦᠨ ᠤ ᠪᠡᠶ᠎ᠡ ᠶᠢᠨ ᠮᠡᠳᠡᠷᠡᠯ ᠢ ᠬᠤᠣᠷᠯᠠᠨ ᠭᠡᠮᠲᠦᠭᠡᠵᠦ᠂ ᠬᠡᠰᠡᠭ ᠬᠡᠰᠡᠭ ᠢᠶᠠᠷ ᠪᠤᠶᠤ ᠦᠷᠭᠦᠯᠵᠢᠯᠡᠭᠰᠡᠨ ᠴᠢᠨᠠᠷᠲᠠᠶ ᠪᠠᠷ ᠰᠦᠷᠡᠬᠡᠶ ᠡᠪᠡᠳᠦᠨ᠎ᠡ᠂ ᠬᠠᠯᠠᠭᠠᠬᠤ᠂ ᠴᠠᠬᠢᠯᠭᠠᠨ ᠳᠤ ᠴᠣᠬᠢᠬᠤ᠂ ᠬᠢᠲᠤᠭ᠎ᠠ ᠪᠠᠷ ᠣᠭᠲᠣᠯᠬᠤ᠂ ᠵᠡᠭᠦᠦ ᠪᠠᠷ ᠬᠠᠳᠬᠤᠬᠤ᠂ ᠤᠷᠠᠭᠳᠠᠬᠤ ᠮᠡᠲᠦ ᠪᠠᠷ ᠡᠪᠡᠳᠴᠦ᠂ ᠬᠠᠮᠤᠭ ᠥᠨᠳᠥᠷ ᠲᠡᠭᠡᠨ ᠠᠷᠪᠠᠨ ᠳᠡᠰ ᠤᠨ ᠡᠪᠡᠳᠦᠯᠲᠡ ᠳᠤ ᠬᠦᠷᠳᠡᠭ᠃ ᠪᠦᠰᠡᠯᠡᠭᠦᠷ ᠤᠨ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠪᠣᠯ ᠪᠦᠰᠡᠯᠡᠭᠦᠷ ᠤᠨ ᠴᠥᠪᠥᠷᠢᠭᠦᠲᠦ ᠡᠰᠡᠷᠭᠡᠨ᠎ᠡ ᠶᠢᠨ ᠬᠠᠮᠤᠭ ᠦᠷᠭᠦᠯᠵᠢ ᠲᠣᠬᠢᠶᠠᠯᠳᠤᠳᠠᠭ ᠳᠠᠪᠬᠤᠴᠠᠭᠰᠠᠨ ᠡᠪᠡᠳᠴᠢᠨ ᠮᠥᠨ᠂ ᠨᠠᠰᠤᠲᠠᠶᠢᠴᠤᠳ ᠪᠤᠶᠤ ᠡᠮᠡᠭᠲᠡᠶᠢᠴᠦᠳ᠂ ᠤᠷᠢᠳ ᠢᠶᠠᠷ ᠡᠪᠡᠳᠬᠦ ᠡᠪᠡᠳᠴᠢᠲᠡᠨ ᠤ ᠪᠦᠰᠡᠯᠡᠭᠦᠷ ᠤᠨ ᠴᠥᠪᠥᠷᠢᠭᠦᠲᠦ ᠡᠰᠡᠷᠭᠡᠨ᠎ᠡ ᠳᠤ ᠨᠡᠷᠪᠡᠭᠳᠡᠭᠰᠡᠨ ᠤ ᠳᠠᠷᠠᠭᠠᠬᠢ ᠮᠡᠳᠡᠷᠡᠯ ᠡᠪᠡᠳᠬᠦ ᠠᠶᠤᠯ ᠢᠯᠡᠳᠲᠡ ᠨᠡᠮᠡᠭᠳᠡᠨ᠎ᠡ᠃      ᠰᠤᠳᠤᠯᠭᠠᠨ ᠳᠤ ᠢᠯᠡᠷᠡᠭᠦᠯᠦᠭᠰᠡᠨ ᠢᠶᠠᠷ᠂ 10%~30% ᠶᠢᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠡᠪᠡᠳᠴᠢᠲᠡᠨ ᠳᠤ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠭᠠᠷᠤᠭᠰᠠᠨ ᠤ ᠳᠠᠷᠠᠭ᠎ᠠ ᠮᠡᠳᠡᠷᠡᠯ ᠡᠪᠡᠳᠳᠡᠭ᠃ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠶᠢᠨ ᠡᠪᠡᠳᠴᠢᠯᠡᠬᠦ ᠨᠤᠷᠮ᠎ᠠ ᠨᠢ ᠨᠠᠰᠤᠨ ᠤ ᠨᠡᠮᠡᠭᠳᠡᠬᠦ ᠶᠢ ᠳᠠᠭᠠᠯᠳᠤᠨ ᠠᠭᠠᠵᠢᠮ ᠢᠶᠠᠷ ᠳᠡᠭᠡᠭᠰᠢᠯᠡᠬᠦ ᠬᠠᠨᠳᠤᠰᠢ ᠲᠠᠢ ᠪᠣᠯᠵᠤ᠂ 60 ᠨᠠᠰᠤᠨ ᠠᠴᠠ ᠳᠡᠭᠡᠭᠰᠢᠬᠢ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠡᠪᠡᠳᠴᠢᠲᠡᠨ ᠤ ᠪᠠᠷᠤᠭ 65% ᠨᠢ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠳᠡᠭ᠃ ᠣᠳᠣᠬᠠᠨ ᠳᠤ᠂ ᠮᠠᠨ ᠤ ᠤᠯᠤᠰ ᠲᠤ ᠪᠠᠷᠤᠭ 400 ᠲᠦᠮᠡᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠡᠪᠡᠳᠴᠢᠲᠡᠨ᠂ 30%~50% ᠶᠢᠨ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠳᠠᠷᠠᠭᠠᠬᠢ ᠮᠡᠳᠡᠷᠡᠯ ᠡᠪᠡᠳᠬᠦ ᠡᠪᠡᠳᠴᠢᠲᠡᠨ ᠤ ᠡᠪᠡᠳᠬᠦ ᠴᠠᠭ ᠨᠢ 1 ᠵᠢᠯ ᠠᠴᠠ ᠬᠡᠲᠦᠷᠡᠪᠡ᠃      ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠢᠯᠡᠷᠡᠭᠰᠡᠨ ᠢ ᠣᠯᠵᠤ ᠮᠡᠳᠡᠪᠡᠯ᠂ ᠡᠪᠡᠳᠴᠢᠲᠡᠨ ᠵᠠᠪᠠᠯ ᠭᠤᠷᠪᠠᠨ ᠡᠳᠦᠷ ᠤᠨ ᠳᠣᠲᠣᠷ᠎ᠠ ᠡᠮᠨᠡᠭᠦᠯᠵᠦ᠂ ᠠᠯᠢ ᠲᠦᠷᠭᠡᠨ ᠢᠶᠠᠷ ᠸᠢᠷᠦ᠋ᠰ ᠢ ᠡᠰᠡᠷᠭᠦᠴᠡᠬᠦ ᠡᠮ ᠢᠶᠠᠷ ᠡᠮᠨᠡᠨ ᠵᠠᠰᠠᠬᠤ ᠬᠡᠷᠡᠭᠲᠡᠶ ᠃ ᠲᠦᠷᠭᠡᠨ ᠴᠢᠨᠠᠷᠲᠠᠶ ᠬᠤᠭᠤᠴᠠᠭᠠᠨ ᠳᠤ ᠡᠪᠡᠳᠬᠦ ᠶᠢ ᠬᠡᠳᠦᠶ ᠰᠠᠶᠢᠨ ᠬᠢᠵᠠᠭᠠᠷᠯᠠᠵᠤ᠂ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠶᠢᠨ ᠡᠳᠡᠭᠡᠷᠡᠬᠦ ᠨᠢ ᠲᠡᠳᠦᠶ ᠲᠦᠷᠭᠡᠨ᠂ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠶᠢᠨ ᠳᠠᠷᠠᠭ᠎ᠠ ᠮᠡᠳᠡᠷᠡᠯ ᠤᠨ ᠡᠪᠡᠳᠦᠯᠲᠡ ᠶᠢᠨ ᠡᠭᠦᠰᠬᠦ ᠨᠤᠷᠮ᠎ᠠ ᠨᠢ ᠲᠡᠳᠦᠶ ᠳᠣᠣᠷ᠎ᠠ ᠪᠠᠶᠢᠳᠠᠭ᠃ ᠡᠭᠦᠨ ᠠᠴᠠ ᠭᠠᠳᠠᠨ᠎ᠠ᠂ ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠡᠪᠡᠳᠴᠢᠨ ᠣᠯᠤᠭᠰᠠᠨ ᠤ ᠳᠠᠷᠠᠭ᠎ᠠ ᠨᠠᠰᠤᠨ ᠲᠤᠷᠰᠢᠳᠠ ᠶᠢᠨ ᠡᠭᠡᠯᠢᠯᠡᠭᠡ ᠶᠢᠨ ᠡᠪᠡᠳᠴᠢᠨ ᠪᠢᠰᠢ᠂ ᠡᠳᠡᠭᠡᠷᠡᠭᠰᠡᠨ ᠤ ᠳᠠᠷᠠᠭ᠎ᠠ ᠮᠥᠨ ᠴᠦ ᠳᠠᠬᠢᠨ ᠬᠥᠳᠡᠯᠬᠦ ᠪᠣᠯᠤᠯᠴᠠᠭ᠎ᠠ ᠲᠠᠢ ᠭᠡᠳᠡᠭ ᠢ ᠠᠩᠬᠠᠷᠬᠤ ᠬᠡᠷᠡᠭᠲᠡᠶ᠃      ᠪᠦᠰᠡᠯᠡᠭᠦᠷᠲᠦ ᠴᠥᠪᠥᠷᠢᠭᠦᠦ ᠡᠰᠡᠷᠭᠡᠨ᠎ᠡ ᠶᠢ ᠰᠡᠷᠭᠡᠶᠢᠯᠡᠬᠦ ᠳᠤ ᠢᠳᠡᠭᠡᠨ ᠤᠮᠳᠠᠭᠠᠨ ᠢᠶᠠᠨ ᠲᠡᠩᠴᠡᠭᠦᠯᠬᠦ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠰᠡᠳᠬᠢᠯ ᠰᠠᠨᠠᠭ᠎ᠠ ᠪᠠᠨ ᠲᠣᠬᠢᠷᠠᠭᠤᠯᠬᠤ᠂ ᠨᠦᠢᠷ ᠭᠦᠢᠴᠡᠳ ᠪᠠᠶᠢᠬᠤ ᠵᠡᠷᠭᠡ ᠡᠷᠡᠭᠦᠯ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠪᠠᠲᠤᠯᠠᠬᠤ ᠨᠢ ᠮᠠᠰᠢ ᠴᠢᠬᠤᠯᠠ᠃ ᠡᠭᠦᠨ ᠤ ᠬᠠᠮᠲᠤ᠂ ᠸᠠᠺᠼᠢᠨ ᠤ ᠲᠠᠷᠢᠯᠭ᠎ᠠ ᠬᠢᠬᠦ ᠪᠣᠯ ᠣᠨᠴᠠᠭᠠᠶ ᠴᠢᠨᠠᠷᠲᠠᠶ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢ ᠰᠡᠷᠭᠡᠶᠢᠯᠡᠬᠦ ᠨᠢᠭᠡ ᠵᠦᠢᠯ ᠤᠨ ᠠᠷᠭ᠎ᠠ ᠬᠡᠮᠵᠢᠶ᠎ᠡ ᠮᠥᠨ᠃                                   ᠢᠷᠡᠯᠲᠡ᠄  ᠡᠷᠡᠭᠦᠯ ᠴᠢᠬᠢᠷᠠᠭ ᠳᠤᠮᠳᠠᠳᠤ ᠤᠯᠤᠰ                                 ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3