ᠰᠢᠶᠠᠨ ᠤ ᠵᠠᠰᠠᠭ ᠤᠨ ᠣᠷᠳᠣᠨ ᠪᠣᠯᠤᠨ ᠲᠠᠩᠱᠠᠨ ᠤ ᠬᠠᠶ ᠲᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/4/11
     4 ᠰᠠᠷ᠎ᠠ ᠶᠢᠨ 10᠎ ᠤ ᠡᠳᠦᠷ᠂ ᠰᠢᠶᠠᠨ ᠤ ᠵᠠᠰᠠᠭ ᠤᠨ ᠣᠷᠳᠣᠨ ᠲᠠᠩᠱᠠᠨ ᠤ ᠬᠠᠢ ᠲᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠤᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᡁᠸᠥ ᠶᠢᠩ᠂ ᠲᠠᠩᠱᠠᠨ ᠤ ᠬᠠᠢ ᠲᠠᠢ  ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠦᠩ ᠨᠠᠷ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠲᠠᠩᠱᠠᠨ ᠤ ᠬᠠᠢ ᠲᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠮᠠᠨ ᠤ ᠰᠢᠶᠠᠨ ᠲᠠᠢ ᠭᠡᠷ᠎ᠡ ᠲᠣᠭᠲᠠᠭᠰᠠᠨ ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠢ ᠲᠣᠪᠴᠢ ᠲᠠᠨᠢᠯᠴᠠᠭᠤᠯᠪᠠ ᠃ ᠲᠡᠷᠡ ᠢᠯᠡᠷᠬᠡᠶᠢᠯᠡᠬᠦ ᠳᠡᠭᠡᠨ᠂ ᠭᠡᠷ᠎ᠡ ᠲᠣᠭᠲᠠᠭᠰᠠᠨ ᠤ ᠳᠠᠷᠠᠭ᠎ᠠ ᠲᠤᠰᠬᠠᠶ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠬᠠᠮᠢᠶᠠᠷᠴᠤ᠂ ᠡᠷᠲᠡ ᠠᠵᠢᠯ ᠡᠬᠢᠯᠡᠭᠦᠯᠵᠦ᠂ ᠡᠷᠲᠡ ᠪᠥᠲᠥᠭᠡᠨ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠭᠠᠷᠭᠠᠨ᠎ᠠ ᠭᠡᠵᠡᠶ᠃      ᠯᠢ ᠺᠠᠢ ᠳ᠋ᠦᠩ ᠵᠢᠭᠠᠵᠤ ᠭᠠᠷᠭᠠᠯᠭᠠᠭᠰᠠᠨ ᠨᠢ᠂ ᠲᠤᠰ ᠤᠳᠠᠭ᠎ᠠ ᠶᠢᠨ ᠭᠠᠷ ᠤᠨ ᠦᠰᠦᠭ ᠵᠢᠷᠤᠭᠰᠠᠨ 5 ᠲᠦᠮᠡᠨ ᠲᠣᠨ ᠤ ᠶᠡᠭᠡ ᠬᠡᠮᠵᠢᠶᠡᠨ ᠤ ᠬᠡᠳᠦ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠤᠨ ᠲᠦᠷᠦᠯ ᠵᠦᠢᠯ ᠨᠢ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃ ᠰᠢᠶᠠᠨ ᠤ ᠵᠠᠰᠠᠭ ᠤᠨ ᠣᠷᠳᠣᠨ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡ ᠣᠷᠣᠭᠤᠯᠬᠤ ᠪᠠᠷ ᠢᠷᠡᠭᠰᠡᠨ ᠬᠤᠳᠠᠯᠳᠤᠭᠠᠴᠢᠨ ᠳᠤ ᠦᠨᠡᠨ ᠰᠡᠳᠬᠢᠯ ᠠᠴᠠ ᠪᠠᠨ ᠰᠢᠯᠢᠳᠡᠭ ᠦᠢᠯᠡᠴᠢᠯᠡᠭᠡ ᠬᠠᠩᠭᠠᠵᠤ᠂ ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠡᠷᠲᠡᠬᠡᠨ ᠪᠦᠳᠦᠭᠡᠨ ᠪᠠᠶᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠮᠠᠨ ᠤ ᠰᠢᠶᠠᠨ ᠤ ᠨᠡᠯᠢᠶᠡᠳ ᠰᠠᠶᠢᠨ ᠠᠵᠤ ᠠᠬᠤᠶ ᠶᠢᠨ ᠦᠷ᠎ᠡ ᠠᠰᠢᠭ ᠪᠠ ᠰᠠᠶᠢᠨ ᠰᠠᠶᠢᠬᠠᠨ ᠨᠡᠶᠢᠭᠡᠮ ᠤᠨ ᠦᠷ᠎ᠡ ᠠᠰᠢᠭ ᠢ ᠡᠷᠲᠡᠬᠡᠨ ᠪᠡᠶᠡᠯᠡᠭᠦᠯᠬᠦ ᠳᠤ ᠡᠶ᠎ᠡ ᠵᠣᠬᠢᠴᠠᠯ ᠲᠠᠢ ᠬᠠᠮᠲᠤ ᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3