4 ᠰᠠᠷ᠎ᠠ ᠶᠢᠨ 10 ᠤ ᠡᠳᠦᠷ᠂ ᠰᠢᠶᠠᠨ ᠤ ᠵᠠᠰᠠᠭ ᠤᠨ ᠣᠷᠳᠣᠨ ᠲᠠᠩᠱᠠᠨ ᠤ ᠬᠠᠢ ᠲᠠᠢ ᠰᠢᠨ᠎ᠡ | ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠦᠷᠦᠯ | ᠵᠦᠢᠯ ᠤᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠡᡁᠸᠥ ᠶᠢᠩ᠂ ᠲᠠᠩᠱᠠᠨ ᠤ ᠬᠠᠢ ᠲᠠᠢ ᠰᠢᠨ᠎ᠡ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠸᠠᠩ ᠶᠦᠩ ᠨᠠᠷ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠲᠠᠩᠱᠠᠨ ᠤ ᠬᠠᠢ ᠲᠠᠢ ᠰᠢᠨ᠎ᠡ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠮᠠᠨ ᠤ | ᠰᠢᠶᠠᠨ ᠲᠠᠢ ᠭᠡᠷ᠎ᠡ ᠲᠣᠭᠲᠠᠭᠰᠠᠨ ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠢ ᠲᠣᠪᠴᠢ ᠲᠠᠨᠢᠯᠴᠠᠭᠤᠯᠪᠠ | ᠃ ᠲᠡᠷᠡ ᠢᠯᠡᠷᠬᠡᠶᠢᠯᠡᠬᠦ ᠳᠡᠭᠡᠨ᠂ ᠭᠡᠷ᠎ᠡ ᠲᠣᠭᠲᠠᠭᠰᠠᠨ ᠤ ᠳᠠᠷᠠᠭ᠎ᠠ ᠲᠤᠰᠬᠠᠶ ᠮᠡᠷᠭᠡᠵᠢᠯ ᠤᠨ ᠪᠦᠯᠬᠦᠮ ᠢ ᠵᠣᠬᠢᠶᠠᠨ | ᠪᠠᠶᠢᠭᠤᠯᠵᠤ᠂ ᠨᠠᠷᠢᠨ ᠨᠢᠮᠪᠠᠶ ᠬᠠᠮᠢᠶᠠᠷᠴᠤ᠂ ᠡᠷᠲᠡ ᠠᠵᠢᠯ ᠡᠬᠢᠯᠡᠭᠦᠯᠵᠦ᠂ ᠡᠷᠲᠡ ᠪᠥᠲᠥᠭᠡᠨ ᠪᠠᠶᠢᠭᠤᠯᠵᠤ᠂ ᠡᠷᠲᠡ | ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠭᠠᠷᠭᠠᠨ᠎ᠠ ᠭᠡᠵᠡᠶ᠃ | ᠯᠢ ᠺᠠᠢ ᠳ᠋ᠦᠩ ᠵᠢᠭᠠᠵᠤ ᠭᠠᠷᠭᠠᠯᠭᠠᠭᠰᠠᠨ ᠨᠢ᠂ ᠲᠤᠰ ᠤᠳᠠᠭ᠎ᠠ ᠶᠢᠨ ᠭᠠᠷ ᠤᠨ ᠦᠰᠦᠭ ᠵᠢᠷᠤᠭᠰᠠᠨ 5 | ᠲᠦᠮᠡᠨ ᠲᠣᠨ ᠤ ᠶᠡᠭᠡ ᠬᠡᠮᠵᠢᠶᠡᠨ ᠤ ᠬᠡᠳᠦ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠤᠨ ᠲᠦᠷᠦᠯ | ᠵᠦᠢᠯ ᠨᠢ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠵᠡᠢ᠃ ᠰᠢᠶᠠᠨ ᠤ ᠵᠠᠰᠠᠭ ᠤᠨ ᠣᠷᠳᠣᠨ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ | ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡ ᠣᠷᠣᠭᠤᠯᠬᠤ ᠪᠠᠷ ᠢᠷᠡᠭᠰᠡᠨ ᠬᠤᠳᠠᠯᠳᠤᠭᠠᠴᠢᠨ ᠳᠤ | ᠦᠨᠡᠨ ᠰᠡᠳᠬᠢᠯ ᠠᠴᠠ ᠪᠠᠨ ᠰᠢᠯᠢᠳᠡᠭ ᠦᠢᠯᠡᠴᠢᠯᠡᠭᠡ ᠬᠠᠩᠭᠠᠵᠤ᠂ ᠲᠦᠷᠦᠯ ᠵᠦᠢᠯ ᠢ ᠲᠦᠷᠭᠡᠪᠴᠢᠯᠡᠨ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠲᠦᠯᠬᠢᠨ ᠠᠬᠢᠭᠤᠯᠬᠤ | ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠡᠷᠲᠡᠬᠡᠨ ᠪᠦᠳᠦᠭᠡᠨ ᠪᠠᠶᠢᠭᠤᠯᠵᠤ᠂ ᠡᠷᠲᠡᠬᠡᠨ ᠦᠷ᠎ᠡ ᠪᠦᠲᠦᠮᠵᠢ | ᠤᠯᠬᠤ ᠪᠠᠷ ᠴᠢᠷᠮᠠᠶᠢᠵᠤ᠂ ᠮᠠᠨ ᠤ ᠰᠢᠶᠠᠨ ᠤ ᠨᠡᠯᠢᠶᠡᠳ ᠰᠠᠶᠢᠨ ᠠᠵᠤ ᠠᠬᠤᠶ ᠶᠢᠨ ᠦᠷ᠎ᠡ ᠠᠰᠢᠭ ᠪᠠ ᠰᠠᠶᠢᠨ | ᠰᠠᠶᠢᠬᠠᠨ ᠨᠡᠶᠢᠭᠡᠮ ᠤᠨ ᠦᠷ᠎ᠡ ᠠᠰᠢᠭ ᠢ ᠡᠷᠲᠡᠬᠡᠨ ᠪᠡᠶᠡᠯᠡᠭᠦᠯᠬᠦ ᠳᠤ ᠡᠶ᠎ᠡ ᠵᠣᠬᠢᠴᠠᠯ ᠲᠠᠢ ᠬᠠᠮᠲᠤ ᠪᠠᠷ ᠠᠰᠢᠭ | ᠬᠦᠷᠳᠡᠬᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |