ᠱᠠᠩᠬᠠᠢ ᠶᠢᠨ ᠵᠦᠩ ᡁᠢ ᠭᠡᠷᠡᠯ ᠰᠢᠷᠬᠡᠭ ᠤᠨ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠮᠠᠨ ᠤ ᠰᠢᠶᠠᠨ ᠳᠤ ᠰᠢᠨᠵᠢᠯᠡᠨ ᠪᠠᠶᠢᠴᠠᠭᠠᠵᠤ ᠤᠯᠤᠰ ᠤᠨ ᠴᠢᠨᠠᠷ ᠣᠨᠳᠣᠣ ᠪᠠᠷᠢᠯᠳᠤᠯᠭ᠎ᠠ ᠶᠢᠨ ᠰᠢᠨ᠎ᠡ ᠡᠨᠧᠷᠭᠢ ᠶᠢᠨ ᠰᠢᠨ᠎ᠡ ᠶᠢ ᠡᠭᠦᠳᠬᠦ ᠰᠠᠭᠤᠷᠢᠨ ᠪᠣᠯᠤᠨ‌ᠵᠢᠱᠢᠶ᠎ᠡ ᠦᠵᠡᠭᠦᠯᠬᠦ ᠴᠠᠬᠢᠯᠭᠠᠨ ᠦᠷᠳᠡᠭᠡ ᠶᠢᠨ ᠲᠦᠷᠦᠯ ᠵᠦᠢᠯ ᠢ ᠵᠣᠯᠭᠠᠭᠤᠯᠤᠨ ᠪᠦᠳᠦᠭᠡᠨ ᠪᠠᠶᠢᠭᠤᠯᠬᠤ ᠲᠤᠬᠠᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/4/17
     4 ᠰᠠᠷ᠎ᠠ ᠶᠢᠨ 13᠎ ᠤ ᠡᠳᠦᠷ᠂ ᠤᠯᠤᠰ ᠤᠨ ᠥᠨᠳᠥᠷ ᠪᠦᠲᠦᠮᠵᠢᠲᠡᠢ ᠨᠡᠷᠡᠨ ᠤ ᠡᠨᠧᠷᠭᠢ ᠶᠢᠨ ᠳ᠋ᠢᠶᠠᠨ ᡂᠢ ᠶᠢᠨ ︽863︾ ᠲᠦᠷᠦᠯ ᠵᠦᠢᠯ ᠤᠨ ᠬᠠᠷᠢᠭᠤᠴᠠᠯᠭᠠᠲᠠᠨ᠂ ᠡᠭᠦᠳᠦᠭᠴᠢ᠂ ᠱᠠᠩᠬᠠᠢ ᠶᠢᠨ ᠵᠦᠩ ᡁᠢ ᠭᠡᠷᠡᠯ ᠰᠢᠷᠬᠡᠭ ᠤᠨ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠨᠠᠷ ᠮᠠᠨ ᠤ ᠰᠢᠶᠠᠨ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠤᠯᠤᠰ ᠤᠨ ᠴᠢᠨᠠᠷ ᠣᠨᠳᠣᠣ ᠪᠠᠷᠢᠯᠳᠤᠯᠭ᠎ᠠ ᠶᠢᠨ ᠰᠢᠨ᠎ᠡ ᠡᠨᠧᠷᠭᠢ ᠶᠢᠨ ᠰᠢᠨ᠎ᠡ ᠶᠢ ᠡᠭᠦᠳᠬᠦ ᠰᠠᠭᠤᠷᠢᠨ ᠪᠣᠯᠤᠨ ᠵᠢᠱᠢᠶ᠎ᠡ ᠦᠵᠡᠭᠦᠯᠬᠦ ᠴᠠᠬᠢᠯᠭᠠᠨ ᠦᠷᠳᠡᠭᠡ ᠶᠢᠨ ᠲᠦᠷᠦᠯ ᠵᠦᠢᠯ ᠢ ᠪᠠᠶᠢᠭᠤᠯᠬᠤ ᠲᠤᠬᠠᠢ ᠵᠣᠯᠭᠠᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠪᠠᠯ ᠴᠢᠯᠠᠭᠤᠨ ᠤ ᠬᠦᠷᠢᠶᠡᠯᠡᠩ ᠲᠣᠭᠤᠷᠢᠭ ᠤᠨ ᠦᠵᠡᠭᠦᠯᠦᠯᠭᠡ ᠶᠢᠨ ᠲᠢᠩᠬᠢᠮ ᠳᠤ ᠭᠦᠨᠵᠡᠭᠡᠶᠢᠷᠡᠵᠦ᠂ ᠥᠪᠥᠷ ᠮᠣᠩᠭᠤᠯ ᠤᠨ ᠴᠢᠩ ᠮᠧᠩ ᠪᠠᠯ ᠴᠢᠯᠠᠭᠤᠨ ᠤ ᠠᠯᠺᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠸᠢ ᠷᠦᠢ ᠯᠢ ᠴᠠᠬᠢᠯᠭᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠺᠣᠮᠫᠠᠨᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃      ᠤᠰᠤᠲᠥ᠋ᠷᠥᠭᠴᠢ ᠶᠢᠨ ᠲᠦᠷᠦᠯ ᠵᠦᠢᠯ ᠢ ᠰᠤᠳᠤᠯᠤᠨ ᠦᠢᠯᠡᠳᠬᠦ ᠦᠶ᠎ᠡ ᠳᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠰᠢᠩ ᠡᡁᠧ ᠰᠢᠶᠠᠨ ᠤ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠮᠡᠳᠡᠭᠳᠡᠮ᠎ᠡ ᠪᠠᠶᠢᠵᠤ᠂ ᠤᠰᠤᠲᠥ᠋ᠷᠥᠭᠴᠢ ᠶᠢ ᠦᠢᠯᠡᠳᠬᠦ ᠠᠵᠤ ᠦᠢᠯᠡᠰ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠬᠡᠯᠬᠢᠶ᠎ᠡ ᠶᠢ ᠪᠦᠳᠦᠭᠡᠨ ᠪᠠᠶᠢᠭᠤᠯᠬᠤ ᠨᠢ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠪᠠ ᠳᠠᠯᠳᠠ ᠬᠦᠴᠦᠨ ᠲᠠᠢ ᠶᠤᠮ ᠭᠡᠵᠦ ᠦᠵᠡᠪᠡ᠂ ᠡᠭᠦᠨ ᠤ ᠬᠠᠮᠲᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠢᠲᠡᠭᠡᠯ ᠲᠡᠭᠦᠯᠳᠡᠷ ᠪᠠᠶᠢᠨ᠎ᠠ᠂ ᠴᠢᠨᠠᠭᠰᠢᠳᠠ ᠤᠯᠤᠯᠴᠠᠨ ᠰᠣᠯᠢᠯᠴᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠦᠵᠡᠪᠡ᠃      ᠾᠧᠦ ᠶᠢᠩ  ᠵᠢᠭᠠᠵᠤ ᠭᠠᠷᠭᠠᠭᠰᠠᠨ ᠨᠢ᠂ ᠰᠢᠩ ᠡᡁᠧ ᠰᠢᠶᠠᠨ ᠤ ᠣᠷᠴᠢᠨ ᠲᠣᠭᠤᠷᠢᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠵᠤ ᠦᠢᠯᠡᠰ ᠤᠨ ᠰᠠᠭᠤᠷᠢ ᠰᠠᠶᠢᠨ᠂ ᠰᠠᠶᠢᠨ ᠰᠠᠶᠢᠬᠠᠨ ᠡᠬᠢ ᠪᠠᠶᠠᠯᠢᠭ ᠤᠨ ᠰᠠᠭᠤᠷᠢ ᠪᠠ ᠪᠣᠳᠠᠰ ᠤᠨ ᠨᠥᠬᠦᠴᠡᠯ ᠲᠠᠢ ᠶᠤᠮ᠃ ᠠᠵᠤ ᠠᠬᠤᠶᠢᠯᠠᠯ ᠤᠨ ᠲᠦᠷᠦᠯ ᠵᠦᠢᠯ ᠢ ᠬᠡᠷᠡᠭᠵᠢᠭᠦᠯᠦᠨ ᠬᠥᠭᠵᠢᠭᠦᠯᠬᠦ ᠳᠤ ᠠᠰᠢᠭᠲᠠᠢ᠂ ᠲᠤᠰ ᠤᠳᠠᠭ᠎ᠠ ᠶᠢᠨ ᠰᠣᠯᠢᠯᠴᠠᠭ᠎ᠠ ᠪᠠᠷ ᠳᠠᠮᠵᠢᠨ ᠨᠥᠬᠦᠷᠯᠡᠯ ᠢᠶᠠᠨ ᠤᠯᠠᠮ ᠴᠢᠨᠠᠭᠰᠢᠳᠠ ᠵᠤᠵᠠᠭᠠᠳᠬᠠᠵᠤ᠂ ᠨᠡᠭᠡᠭᠡᠨ ᠬᠥᠭᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠰᠣᠳᠣᠨ ᠲᠦᠷᠦᠯ ᠵᠦᠢᠯ ᠢ ᠡᠭᠦᠳᠬᠦ ᠶᠢ ᠬᠦᠰᠡᠵᠦ ᠪᠠᠶᠢᠨ᠎ᠠ᠃ ᠰᠢᠩ ᠡᡁᠧ ᠰᠢᠶᠠᠨ ᠤ ᠬᠢᠨ ᠲᠦᠷᠦᠯ ᠵᠦᠢᠯ ᠤᠨ ᠬᠠᠮᠲᠤᠷᠠᠯᠴᠠᠭ᠎ᠠ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠪᠠᠷ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠴᠢᠷᠮᠠᠶᠢᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3