4 ᠰᠠᠷ᠎ᠠ ᠶᠢᠨ 13 ᠤ ᠡᠳᠦᠷ᠂ ᠤᠯᠤᠰ ᠤᠨ ᠥᠨᠳᠥᠷ ᠪᠦᠲᠦᠮᠵᠢᠲᠡᠢ ᠨᠡᠷᠡᠨ ᠤ ᠡᠨᠧᠷᠭᠢ ᠶᠢᠨ ᠳ᠋ᠢᠶᠠᠨ | ᡂᠢ ᠶᠢᠨ ︽863︾ ᠲᠦᠷᠦᠯ ᠵᠦᠢᠯ ᠤᠨ ᠬᠠᠷᠢᠭᠤᠴᠠᠯᠭᠠᠲᠠᠨ᠂ ᠡᠭᠦᠳᠦᠭᠴᠢ᠂ ᠱᠠᠩᠬᠠᠢ ᠶᠢᠨ ᠵᠦᠩ ᡁᠢ ᠭᠡᠷᠡᠯ | ᠰᠢᠷᠬᠡᠭ ᠤᠨ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠨᠠᠷ ᠮᠠᠨ ᠤ | ᠰᠢᠶᠠᠨ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠤᠯᠤᠰ ᠤᠨ ᠴᠢᠨᠠᠷ ᠣᠨᠳᠣᠣ ᠪᠠᠷᠢᠯᠳᠤᠯᠭ᠎ᠠ ᠶᠢᠨ ᠰᠢᠨ᠎ᠡ | ᠡᠨᠧᠷᠭᠢ ᠶᠢᠨ ᠰᠢᠨ᠎ᠡ ᠶᠢ ᠡᠭᠦᠳᠬᠦ ᠰᠠᠭᠤᠷᠢᠨ ᠪᠣᠯᠤᠨ ᠵᠢᠱᠢᠶ᠎ᠡ ᠦᠵᠡᠭᠦᠯᠬᠦ ᠴᠠᠬᠢᠯᠭᠠᠨ ᠦᠷᠳᠡᠭᠡ ᠶᠢᠨ ᠲᠦᠷᠦᠯ | ᠵᠦᠢᠯ ᠢ ᠪᠠᠶᠢᠭᠤᠯᠬᠤ ᠲᠤᠬᠠᠢ ᠵᠣᠯᠭᠠᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ | ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ | ᠬᠢᠵᠠᠭᠠᠷᠲᠤ ᠺᠣᠮᠫᠠᠨᠢ ᠶᠢᠨ ᠪᠠᠯ ᠴᠢᠯᠠᠭᠤᠨ ᠤ ᠬᠦᠷᠢᠶᠡᠯᠡᠩ ᠲᠣᠭᠤᠷᠢᠭ ᠤᠨ ᠦᠵᠡᠭᠦᠯᠦᠯᠭᠡ ᠶᠢᠨ ᠲᠢᠩᠬᠢᠮ ᠳᠤ | ᠭᠦᠨᠵᠡᠭᠡᠶᠢᠷᠡᠵᠦ᠂ ᠥᠪᠥᠷ ᠮᠣᠩᠭᠤᠯ ᠤᠨ ᠴᠢᠩ ᠮᠧᠩ ᠪᠠᠯ ᠴᠢᠯᠠᠭᠤᠨ ᠤ ᠠᠯᠺᠧᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠸᠢ ᠷᠦᠢ ᠯᠢ ᠴᠠᠬᠢᠯᠭᠠᠨ ᠰᠢᠨ᠎ᠡ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠳᠤ ᠺᠣᠮᠫᠠᠨᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ | ᠤᠰᠤᠲᠥ᠋ᠷᠥᠭᠴᠢ ᠶᠢᠨ ᠲᠦᠷᠦᠯ ᠵᠦᠢᠯ ᠢ ᠰᠤᠳᠤᠯᠤᠨ ᠦᠢᠯᠡᠳᠬᠦ ᠦᠶ᠎ᠡ ᠳᠤ ᠰᠢᠨᠵᠢᠯᠡᠨ ᠪᠠᠶᠢᠴᠠᠭᠠᠬᠤ | ᠳᠤᠭᠤᠶᠢᠯᠠᠩ ᠤᠨ ᠬᠢᠨ ᠰᠢᠩ ᠡᡁᠧ ᠰᠢᠶᠠᠨ ᠤ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠮᠡᠳᠡᠭᠳᠡᠮ᠎ᠡ | ᠪᠠᠶᠢᠵᠤ᠂ ᠤᠰᠤᠲᠥ᠋ᠷᠥᠭᠴᠢ ᠶᠢ ᠦᠢᠯᠡᠳᠬᠦ ᠠᠵᠤ ᠦᠢᠯᠡᠰ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ | ᠬᠡᠯᠬᠢᠶ᠎ᠡ ᠶᠢ ᠪᠦᠳᠦᠭᠡᠨ ᠪᠠᠶᠢᠭᠤᠯᠬᠤ ᠨᠢ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠪᠠ ᠳᠠᠯᠳᠠ | ᠬᠦᠴᠦᠨ ᠲᠠᠢ ᠶᠤᠮ ᠭᠡᠵᠦ ᠦᠵᠡᠪᠡ᠂ ᠡᠭᠦᠨ ᠤ ᠬᠠᠮᠲᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠢᠲᠡᠭᠡᠯ | ᠲᠡᠭᠦᠯᠳᠡᠷ ᠪᠠᠶᠢᠨ᠎ᠠ᠂ ᠴᠢᠨᠠᠭᠰᠢᠳᠠ ᠤᠯᠤᠯᠴᠠᠨ ᠰᠣᠯᠢᠯᠴᠠᠵᠤ᠂ ᠲᠦᠷᠦᠯ ᠵᠦᠢᠯ ᠢ ᠡᠷᠲᠡᠬᠡᠨ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠦᠵᠡᠪᠡ᠃ | ᠾᠧᠦ ᠶᠢᠩ ᠵᠢᠭᠠᠵᠤ ᠭᠠᠷᠭᠠᠭᠰᠠᠨ ᠨᠢ᠂ ᠰᠢᠩ ᠡᡁᠧ ᠰᠢᠶᠠᠨ ᠤ ᠣᠷᠴᠢᠨ ᠲᠣᠭᠤᠷᠢᠨ ᠳᠠᠪᠠᠭᠤᠯᠢᠭ᠂ | ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠵᠤ ᠦᠢᠯᠡᠰ ᠤᠨ ᠰᠠᠭᠤᠷᠢ ᠰᠠᠶᠢᠨ᠂ ᠰᠠᠶᠢᠨ ᠰᠠᠶᠢᠬᠠᠨ ᠡᠬᠢ | ᠪᠠᠶᠠᠯᠢᠭ ᠤᠨ ᠰᠠᠭᠤᠷᠢ ᠪᠠ ᠪᠣᠳᠠᠰ ᠤᠨ ᠨᠥᠬᠦᠴᠡᠯ ᠲᠠᠢ ᠶᠤᠮ᠃ ᠠᠵᠤ ᠠᠬᠤᠶᠢᠯᠠᠯ ᠤᠨ ᠲᠦᠷᠦᠯ ᠵᠦᠢᠯ ᠢ | ᠬᠡᠷᠡᠭᠵᠢᠭᠦᠯᠦᠨ ᠬᠥᠭᠵᠢᠭᠦᠯᠬᠦ ᠳᠤ ᠠᠰᠢᠭᠲᠠᠢ᠂ ᠲᠤᠰ ᠤᠳᠠᠭ᠎ᠠ ᠶᠢᠨ ᠰᠣᠯᠢᠯᠴᠠᠭ᠎ᠠ ᠪᠠᠷ ᠳᠠᠮᠵᠢᠨ ᠨᠥᠬᠦᠷᠯᠡᠯ ᠢᠶᠠᠨ | ᠤᠯᠠᠮ ᠴᠢᠨᠠᠭᠰᠢᠳᠠ ᠵᠤᠵᠠᠭᠠᠳᠬᠠᠵᠤ᠂ ᠨᠡᠭᠡᠭᠡᠨ ᠬᠥᠭᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠰᠣᠳᠣᠨ | ᠲᠦᠷᠦᠯ ᠵᠦᠢᠯ ᠢ ᠡᠭᠦᠳᠬᠦ ᠶᠢ ᠬᠦᠰᠡᠵᠦ ᠪᠠᠶᠢᠨ᠎ᠠ᠃ ᠰᠢᠩ ᠡᡁᠧ ᠰᠢᠶᠠᠨ ᠤ ᠬᠢᠨ ᠲᠦᠷᠦᠯ ᠵᠦᠢᠯ ᠤᠨ | ᠬᠠᠮᠲᠤᠷᠠᠯᠴᠠᠭ᠎ᠠ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠪᠠᠷ ᠪᠦᠬᠦ ᠰᠡᠳᠬᠢᠯ ᠪᠦᠬᠦ | ᠬᠦᠴᠦᠨ ᠢᠶᠠᠷ ᠢᠶᠠᠨ ᠴᠢᠷᠮᠠᠶᠢᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |