ᠰᠢᠩ ᠾᠧ ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠰᠢᠩ ᠢᠦᠢ ᠱᠦᠨ ᠪᠠᠯ ᠴᠢᠯᠠᠭᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/4/18
      4 ᠳ᠋ᠦᠭᠡᠷ ᠰᠠᠷ᠎ᠠ ᠶᠢᠨ 17᠎ ᠤ ᠡᠳᠦᠷ᠂ ᠰᠢᠩ ᠾᠧ ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠰᠢᠩ ᠢᠦᠶ ᠱᠦᠨ ᠪᠠᠯ ᠴᠢᠯᠠᠭᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠬᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠥᠪᠥᠷ ᠮᠣᠩᠭᠤᠯ ᠤᠨ ᠰᠢᠩ ᠢᠦᠶ ᠱᠦᠨ ᠪᠠᠯ ᠴᠢᠯᠠᠭᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠶᠢ 2.4 ᠲᠦᠮᠡᠨ ᠲᠣᠨ ᠣᠨᠴᠠ ᠲᠥᠷᠥᠯ ᠤᠨ ᠨᠡᠭᠦᠷᠡᠰᠦ ᠪᠠᠷ ᠲᠥᠯᠥᠪᠯᠡᠵᠦ᠂ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠪᠣᠷᠣᠯᠠᠭᠤᠯᠭ᠎ᠠ ᠶᠢᠨ ᠨᠣᠷᠮ᠎ᠠ ᠶᠢ 3.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠳᠤ 2500 ᠲᠦᠮᠡᠨ ᠲᠥᠭᠦᠷᠢᠭ ᠤᠨ ᠭᠠᠶᠢᠯᠢ ᠲᠤᠰᠢᠶᠠᠵᠤ ᠪᠣᠯᠤᠨ᠎ᠠ᠃ ᠬᠤᠶᠠᠷ ᠲᠠᠯ᠎ᠠ ᠶᠢᠨ ᠡᠨᠡ ᠤᠳᠠᠭ᠎ᠠ ᠶᠢᠨ ᠬᠠᠮᠲᠤᠷᠠᠯᠴᠠᠭ᠎ᠠ ᠨᠢ ᠬᠠᠷᠢᠯᠴᠠᠨ ᠠᠰᠢᠭ ᠬᠦᠷᠲᠡᠭᠡᠵᠦ᠂ ᠬᠠᠮᠲᠤᠪᠠᠷ ᠵᠠᠬ᠎ᠠ ᠳᠡᠯᠭᠡᠭᠦᠷ ᠢ ᠨᠡᠭᠡᠭᠡᠵᠦ᠂ ᠬᠥᠭᠵᠢᠯᠲᠡ ᠶᠢ ᠰᠦᠪᠡᠭᠴᠢᠯᠡᠬᠦ ᠶᠢᠨ ᠲᠥᠯᠥᠭᠡ ᠶᠤᠮ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠤᠷᠳᠤ ᠬᠤᠭᠤᠴᠠᠭᠠᠨ ᠤ ᠠᠰᠢᠭ ᠲᠤᠰᠠ ᠶᠢ ᠪᠣᠳᠣᠯᠬᠢᠯᠠᠵᠤ᠂ ᠤᠷᠳᠤ ᠬᠤᠭᠤᠴᠠᠭᠠᠨ ᠤ᠂ ᠦᠷᠭᠦᠯᠵᠢᠯᠡᠬᠦ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠵᠤ᠂ ᠮᠠᠨ ᠤ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃      ᠾᠧᠦ ᠶᠢᠩ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠰᠢᠩ ᠡᡁᠧ ᠰᠢᠶᠠᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠂ ᠡᠭᠦᠨ ᠤ ᠬᠠᠮᠲᠤ ᠮᠠᠨ ᠤ ᠰᠢᠶᠠᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠪᠦᠬᠦ ᠠᠵᠢᠯᠳᠠᠨ ᠢᠶᠠᠷ ᠢᠶᠠᠨ ᠠᠷᠠᠯᠵᠢᠶᠠᠴᠢᠨ ᠤᠷᠢᠬᠤ ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠠᠬᠢᠭᠤᠯᠵᠤ᠂ ᠨᠡᠩ ᠤᠯᠠᠨ ᠡᠷᠳᠡᠮᠲᠡᠨ ᠮᠡᠷᠭᠡᠳ ᠢ ᠲᠠᠳᠠᠨ ᠴᠤᠭᠯᠠᠷᠠᠭᠤᠯᠵᠤ ᠡᠩᠬᠡ ᠲᠠᠶᠢᠪᠤᠩ ᠢ ᠡᠷᠬᠢᠮᠯᠡᠨ᠂ ᠬᠦᠰᠡᠯ ᠵᠣᠷᠢᠭ ᠢᠶᠠᠨ ᠬᠥᠪᠴᠢᠯᠡᠵᠦ ᠂ ᠦᠢᠯᠡᠰ ᠢ ᠪᠦᠲᠦᠭᠡᠵᠦ᠂ ᠬᠥᠭᠵᠢᠯᠲᠡ ᠶᠢ ᠬᠠᠮᠲᠤᠪᠠᠷ ᠡᠷᠢᠯᠬᠢᠯᠡᠵᠦ᠂ ᠢᠷᠡᠭᠡᠳᠦᠢ ᠶᠢ ᠬᠠᠮᠲᠤᠪᠠᠷ ᠠᠰᠢᠭ ᠬᠦᠷᠳᠡᠨ᠎ᠠ ᠭᠡᠵᠦ ᠢᠯᠡᠳᠬᠡᠪᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3