ᠾᠧ ᠶᠢᠩ ᠽᠢ ᠪᠦᠯᠬᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/4/24
      4 ᠰᠠᠷ᠎ᠠ ᠶᠢᠨ 22᠎ ᠤᠨ ᠡᠳᠦᠷ ᠠᠴᠠ 23᠎ ᠤ ᠡᠳᠦᠷ ᠪᠣᠯᠲᠠᠯ᠎ᠠ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ  ᠾᠧ ᠶᠢᠩ ᠽᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ  ᠵᠢᠶᠠᠩᠨᠠᠭᠰᠠᠨ ᠨᠣᠭᠤᠭ᠎ᠠ ᠳᠠᠪᠤᠰᠤᠯᠠᠬᠤ ᠡᠳ᠋ᠰᠢᠭᠦᠯᠦᠨ ᠪᠣᠯᠪᠠᠰᠤᠷᠠᠭᠤᠯᠬᠤ ᠮᠡᠷᠭᠡᠵᠢᠯ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠂ ᠡᠨᠧᠷᠭᠢ ᠶᠢᠨ ᠮᠡᠷᠭᠡᠵᠢᠯ ᠤᠨ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠡᠳ᠋ᠰᠢᠭᠦᠯᠦᠨ ᠣᠷᠣᠭᠤᠯᠵᠤ ᠠᠪᠴᠢᠷᠠᠬᠤ ᠵᠡᠷᠭᠡ ᠲᠥᠷᠥᠯ ᠵᠦᠢᠯ ᠢ ᠲᠣᠭᠤᠷᠢᠨ ᠦᠵᠡᠪᠡ᠃       ᠵᠢᠦ ᠶᠤᠸᠠᠨ ᠵᠢᠶᠠᠩᠨᠠᠭᠤᠷ ᠤᠨ ᠠᠵᠤ ᠠᠬᠤᠶᠢᠯᠠᠯ ᠳᠤ᠂ ᠾᠧ ᠶᠢᠩ ᠽᠢ ᠵᠢᠶᠠᠩᠨᠠᠭᠰᠠᠨ ᠨᠣᠭᠤᠭ᠎ᠠ ᠳᠠᠪᠤᠰᠤᠯᠠᠬᠤ ᠤᠷ᠎ᠠ ᠮᠡᠷᠭᠡᠵᠢᠯ᠂ ᠪᠣᠷᠣᠯᠠᠭᠤᠯᠭ᠎ᠠ᠂ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠭᠤᠭᠤᠳ ᠤᠨ ᠬᠦᠷᠢᠶᠡᠯᠡᠩ ᠤᠨ ᠵᠢᠶᠠᠩᠨᠠᠭᠤᠷ ᠤᠨ ᠠᠵᠤ ᠠᠬᠤᠶᠢᠯᠠᠯ ᠤᠨ ᠬᠢᠨ ᠲᠡᠷᠢᠭᠦᠨ ᠤ ᠡᠵᠡᠩᠨᠡᠯᠲᠡ ᠶᠢᠨ ᠣᠶᠢᠯᠠᠭᠠᠭᠳᠠᠬᠤᠨ᠂ ᠰᠢᠯᠢᠳᠡᠭ ᠡᠵᠡᠩᠨᠡᠯᠲᠡ ᠶᠢᠨ ᠠᠷᠭ᠎ᠠ᠂ ᠨᠠᠷᠢᠯᠢᠭ ᠬᠢᠴᠡ ᠲᠠᠢ ᠦᠢᠯᠡᠳᠬᠦ ᠤᠷ᠎ᠠ ᠮᠡᠷᠭᠡᠵᠢᠯ ᠢ ᠰᠢᠩ ᠡᡁᠧ ᠳᠤ ᠠᠪᠴᠢᠷᠠᠵᠤ᠂ ᠰᠢᠩ ᠡᡁᠧ ᠶᠢᠨ ᠲᠤᠬᠠᠢ ᠶᠢᠨ ᠭᠠᠵᠠᠷ ᠤᠨ ᠴᠡᠪᠡᠷ ᠪᠠᠶᠢᠭᠠᠯᠢᠯᠢᠭ ᠨᠣᠭᠤᠭᠠᠨ ᠢᠳᠡᠰᠢᠨ ᠨᠣᠭᠤᠭ᠎ᠠ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠬᠠᠮᠲᠤᠷᠠᠯᠴᠠᠭᠠᠨ ᠤ ᠣᠷᠣᠨ ᠵᠠᠢ᠂  ᠬᠦᠷᠢᠶ᠎ᠡ ᠪᠠᠨ ᠥᠷᠭᠡᠳᠬᠡᠵᠦ᠂ ᠰᠢᠩ ᠡᡁᠧ ᠶᠢᠨ ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ ᠵᠠᠬ᠎ᠠ ᠳᠡᠯᠭᠡᠭᠦᠷ ᠢ ᠴᠢᠨᠠᠭᠰᠢᠳᠠ ᠥᠷᠭᠡᠳᠬᠡᠬᠦ ᠶᠢ ᠬᠦᠰᠡᠪᠡ᠃      ᠯᠢᠶᠠᠨ ᠾᠧ ᠷᠦᠢ ᠱᠧᠩ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠾᠧ ᠶᠢᠩ ᠽᠢ ᠰᠢᠩ ᠡᡁᠧ ᠰᠢᠶᠠᠨ ᠤ ᠣᠷᠣᠨ ᠪᠠᠶᠢᠷᠢ᠂ ᠵᠠᠮ ᠬᠠᠷᠢᠯᠴᠠᠭ᠎ᠠ᠂ ᠤᠰᠤᠨ ᠤ ᠡᠬᠢ ᠪᠠᠶᠠᠯᠢᠭ ᠵᠡᠷᠭᠡ ᠳᠠᠪᠠᠭᠤᠯᠢᠭ ᠵᠢᠴᠢ ᠬᠤᠳᠠᠯᠳᠤᠭᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠶᠢᠯᠠᠭᠠᠭᠳᠠᠬᠤᠨ᠂ ᠠᠵᠢᠯᠯᠠᠭᠠᠨ ᠤ ᠵᠠᠭᠪᠤᠷ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠡᠨᠧᠷᠭᠢ ᠶᠢᠨ ᠮᠡᠷᠭᠡᠵᠢᠯ ᠤᠨ ᠥᠭᠡᠷᠡᠴᠢᠯᠡᠯᠲᠡ᠂ ᠤᠯᠠᠨ ᠲᠠᠯᠠᠰᠲᠤ ᠴᠠᠬᠢᠭᠤᠷ ᠤᠨ ᠬᠡᠷᠴᠢᠮ ᠢ ᠡᠳ᠋ᠰᠢᠭᠦᠯᠬᠦ᠂ ᠡᠷᠳᠡᠨᠢ ᠰᠢᠰᠢ ᠶᠢᠨ ᠰᠢᠳᠠᠮ ᠤᠨ ᠭᠤᠣᠯ ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠮᠡᠷᠭᠡᠵᠢᠯ ᠢ ᠤᠯᠠᠮ ᠴᠢᠨᠠᠭᠰᠢᠳᠠ ᠰᠢᠨᠵᠢᠯᠡᠨ ᠰᠤᠳᠤᠯᠬᠤ ᠶᠢᠨ ᠬᠠᠮᠲᠤ ᠠᠵᠤ ᠠᠬᠤᠶᠢᠯᠠᠯ ᠢ ᠤᠷᠢᠵᠤ ᠰᠢᠩ ᠡᡁᠧ ᠳᠤ ᠪᠡᠯᠡ ᠣᠷᠣᠭᠤᠯᠤᠯᠲᠠ ᠶᠢ ᠰᠢᠨᠵᠢᠯᠡᠨ ᠪᠠᠶᠢᠴᠠᠭᠠᠯᠭᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3