4 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠰᠢᠩ ᠾᠧ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ | ᠶᠢᠩ ᠽᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠵᠢᠶᠠᠩᠨᠠᠭᠰᠠᠨ ᠨᠣᠭᠤᠭ᠎ᠠ ᠳᠠᠪᠤᠰᠤᠯᠠᠬᠤ | ᠡᠳ᠋ᠰᠢᠭᠦᠯᠦᠨ ᠪᠣᠯᠪᠠᠰᠤᠷᠠᠭᠤᠯᠬᠤ ᠮᠡᠷᠭᠡᠵᠢᠯ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠂ ᠡᠨᠧᠷᠭᠢ ᠶᠢᠨ | ᠮᠡᠷᠭᠡᠵᠢᠯ ᠤᠨ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠡᠳ᠋ᠰᠢᠭᠦᠯᠦᠨ ᠣᠷᠣᠭᠤᠯᠵᠤ ᠠᠪᠴᠢᠷᠠᠬᠤ ᠵᠡᠷᠭᠡ ᠲᠥᠷᠥᠯ | ᠵᠦᠢᠯ ᠢ ᠲᠣᠭᠤᠷᠢᠨ ᠦᠵᠡᠪᠡ᠃ | ᠵᠢᠦ ᠶᠤᠸᠠᠨ ᠵᠢᠶᠠᠩᠨᠠᠭᠤᠷ ᠤᠨ ᠠᠵᠤ ᠠᠬᠤᠶᠢᠯᠠᠯ ᠳᠤ᠂ ᠾᠧ ᠶᠢᠩ ᠽᠢ ᠵᠢᠶᠠᠩᠨᠠᠭᠰᠠᠨ ᠨᠣᠭᠤᠭ᠎ᠠ | ᠳᠠᠪᠤᠰᠤᠯᠠᠬᠤ ᠤᠷ᠎ᠠ ᠮᠡᠷᠭᠡᠵᠢᠯ᠂ ᠪᠣᠷᠣᠯᠠᠭᠤᠯᠭ᠎ᠠ᠂ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠭᠤᠭᠤᠳ ᠤᠨ ᠬᠦᠷᠢᠶᠡᠯᠡᠩ ᠤᠨ ᠵᠢᠶᠠᠩᠨᠠᠭᠤᠷ ᠤᠨ ᠠᠵᠤ ᠠᠬᠤᠶᠢᠯᠠᠯ ᠤᠨ ᠬᠢᠨ ᠲᠡᠷᠢᠭᠦᠨ ᠤ ᠡᠵᠡᠩᠨᠡᠯᠲᠡ ᠶᠢᠨ | ᠣᠶᠢᠯᠠᠭᠠᠭᠳᠠᠬᠤᠨ᠂ ᠰᠢᠯᠢᠳᠡᠭ ᠡᠵᠡᠩᠨᠡᠯᠲᠡ ᠶᠢᠨ ᠠᠷᠭ᠎ᠠ᠂ ᠨᠠᠷᠢᠯᠢᠭ ᠬᠢᠴᠡ ᠲᠠᠢ ᠦᠢᠯᠡᠳᠬᠦ ᠤᠷ᠎ᠠ ᠮᠡᠷᠭᠡᠵᠢᠯ ᠢ | ᠰᠢᠩ ᠡᡁᠧ ᠳᠤ ᠠᠪᠴᠢᠷᠠᠵᠤ᠂ ᠰᠢᠩ ᠡᡁᠧ ᠶᠢᠨ ᠲᠤᠬᠠᠢ ᠶᠢᠨ ᠭᠠᠵᠠᠷ ᠤᠨ ᠴᠡᠪᠡᠷ ᠪᠠᠶᠢᠭᠠᠯᠢᠯᠢᠭ ᠨᠣᠭᠤᠭᠠᠨ | ᠢᠳᠡᠰᠢᠨ ᠨᠣᠭᠤᠭ᠎ᠠ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠬᠠᠮᠲᠤᠷᠠᠯᠴᠠᠭᠠᠨ ᠤ ᠣᠷᠣᠨ ᠵᠠᠢ᠂ ᠬᠦᠷᠢᠶ᠎ᠡ ᠪᠠᠨ | ᠥᠷᠭᠡᠳᠬᠡᠵᠦ᠂ ᠰᠢᠩ ᠡᡁᠧ ᠶᠢᠨ ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ ᠵᠠᠬ᠎ᠠ ᠳᠡᠯᠭᠡᠭᠦᠷ ᠢ | ᠴᠢᠨᠠᠭᠰᠢᠳᠠ ᠥᠷᠭᠡᠳᠬᠡᠬᠦ ᠶᠢ ᠬᠦᠰᠡᠪᠡ᠃ | ᠯᠢᠶᠠᠨ ᠾᠧ ᠷᠦᠢ ᠱᠧᠩ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ | ᠾᠧ ᠶᠢᠩ ᠽᠢ ᠰᠢᠩ ᠡᡁᠧ ᠰᠢᠶᠠᠨ ᠤ ᠣᠷᠣᠨ ᠪᠠᠶᠢᠷᠢ᠂ ᠵᠠᠮ ᠬᠠᠷᠢᠯᠴᠠᠭ᠎ᠠ᠂ ᠤᠰᠤᠨ ᠤ ᠡᠬᠢ ᠪᠠᠶᠠᠯᠢᠭ ᠵᠡᠷᠭᠡ | ᠳᠠᠪᠠᠭᠤᠯᠢᠭ ᠵᠢᠴᠢ ᠬᠤᠳᠠᠯᠳᠤᠭᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠦᠨᠳᠦᠰᠦᠨ ᠪᠠᠶᠢᠳᠠᠯ ᠢ | ᠲᠠᠨᠢᠯᠴᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠶᠢᠯᠠᠭᠠᠭᠳᠠᠬᠤᠨ᠂ ᠠᠵᠢᠯᠯᠠᠭᠠᠨ ᠤ | ᠵᠠᠭᠪᠤᠷ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠡᠨᠧᠷᠭᠢ ᠶᠢᠨ ᠮᠡᠷᠭᠡᠵᠢᠯ ᠤᠨ ᠥᠭᠡᠷᠡᠴᠢᠯᠡᠯᠲᠡ᠂ ᠤᠯᠠᠨ | ᠲᠠᠯᠠᠰᠲᠤ ᠴᠠᠬᠢᠭᠤᠷ ᠤᠨ ᠬᠡᠷᠴᠢᠮ ᠢ ᠡᠳ᠋ᠰᠢᠭᠦᠯᠬᠦ᠂ ᠡᠷᠳᠡᠨᠢ ᠰᠢᠰᠢ ᠶᠢᠨ ᠰᠢᠳᠠᠮ ᠤᠨ ᠭᠤᠣᠯ ᠢ ᠡᠳ᠋ᠰᠢᠭᠦᠯᠦᠨ | ᠪᠣᠯᠪᠠᠰᠤᠷᠠᠭᠤᠯᠬᠤ ᠵᠡᠷᠭᠡ ᠮᠡᠷᠭᠡᠵᠢᠯ ᠢ ᠤᠯᠠᠮ ᠴᠢᠨᠠᠭᠰᠢᠳᠠ ᠰᠢᠨᠵᠢᠯᠡᠨ ᠰᠤᠳᠤᠯᠬᠤ ᠶᠢᠨ ᠬᠠᠮᠲᠤ ᠠᠵᠤ ᠠᠬᠤᠶᠢᠯᠠᠯ ᠢ | ᠤᠷᠢᠵᠤ ᠰᠢᠩ ᠡᡁᠧ ᠳᠤ ᠪᠡᠯᠡ ᠣᠷᠣᠭᠤᠯᠤᠯᠲᠠ ᠶᠢ ᠰᠢᠨᠵᠢᠯᠡᠨ ᠪᠠᠶᠢᠴᠠᠭᠠᠯᠭᠠᠪᠠ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |