ᠨᠠᠰᠤᠲᠠᠶᠢᠴᠤᠳ ᠤᠨ ᠴᠢᠰᠤ ᠳᠤᠲᠠᠬᠤ ᠶᠢ ᠰᠠᠶᠢᠵᠢᠷᠠᠭᠤᠯᠬᠤ᠂ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ ᠨᠢ ᠮᠠᠰᠢ ᠴᠢᠬᠤᠯᠠᠲᠠᠢ
ᠨᠡᠶᠢᠲᠡᠯᠡᠭᠰᠡᠨ ᠴᠠᠭ᠄
2023/4/28
    ᠨᠠᠰᠤᠲᠠᠶᠢᠴᠤᠳ ᠲᠤ ᠴᠢᠰᠤ ᠳᠤᠲᠠᠬᠤ ᠣᠯᠠᠨ ᠡᠭᠦᠰᠳᠡᠭ ᠬᠥᠮᠦᠰ ᠪᠠᠶᠢᠵᠤ᠂ ᠢᠯᠠᠩᠭᠤᠶ᠎ᠠ ᠰᠢᠮ᠎ᠡ ᠲᠡᠵᠢᠭᠡᠯ ᠤᠨ ᠴᠢᠨᠠᠷᠲᠠᠶ ᠴᠢᠰᠤ ᠳᠤᠲᠠᠬᠤ ᠦᠵᠡᠭᠳᠡᠯ ᠣᠯᠠᠨ ᠲᠣᠬᠢᠶᠠᠯᠳᠤᠳᠠᠭ᠂ ᠢᠯᠠᠩᠭᠤᠶ᠎ᠠ ᠰᠢᠮ᠎ᠡ ᠲᠡᠵᠢᠭᠡᠯ ᠤᠨ ᠴᠢᠨᠠᠷᠲᠠᠶ ᠴᠢᠰᠤ ᠳᠤᠲᠠᠬᠤ ᠦᠵᠡᠭᠳᠡᠯ ᠣᠯᠠᠨ ᠲᠣᠬᠢᠶᠠᠯᠳᠤᠳᠠᠭ᠃ ᠰᠠᠭᠤᠷᠢ ᠡᠪᠡᠳᠴᠢᠨ ᠨᠡᠯᠢᠶᠡᠳ ᠣᠯᠠᠨ᠂ ᠡᠯ᠎ᠡ ᠡᠷᠬᠡᠲᠡᠨ ᠤ ᠠᠵᠢᠯᠯᠠᠭ᠎ᠠ ᠨᠢ ᠠᠳᠠᠯᠢ ᠪᠤᠰᠤ ᠬᠡᠮᠵᠢᠶ᠎ᠡ ᠪᠠᠷ ᠪᠠᠭᠤᠷᠠᠬᠤ᠂ ᠬᠥᠳᠡᠯᠭᠡᠭᠡᠨ ᠤ ᠬᠡᠮᠵᠢᠶ᠎ᠡ ᠨᠢ ᠪᠠᠭ᠎ᠠ ᠵᠡᠷᠭᠡ ᠪᠠᠶᠢᠳᠠᠯ ᠣᠷᠣᠰᠢᠵᠤ ᠪᠠᠶᠢᠳᠠᠭ ᠠᠴᠠ ᠣᠯᠠᠩᠬᠢ ᠨᠠᠰᠤᠲᠠᠶᠢᠴᠤᠳ ᠤᠨ ᠴᠢᠰᠤ ᠳᠤᠲᠠᠬᠤ ᠨᠢ ᠠᠮᠠᠷᠬᠠᠨ ᠰᠡᠷᠡᠭᠳᠡᠬᠦ ᠦᠭᠡᠢ ᠪᠠᠶᠢᠳᠠᠭ᠃     1 ᠦᠲᠡᠯᠦᠭᠰᠡᠨ ᠬᠥᠮᠦᠨ ᠶᠠᠭᠠᠬᠢᠭᠠᠳ ᠠᠮᠠᠷᠬᠠᠨ ᠴᠢᠰᠤ ᠳᠤᠲᠠᠬᠤ ᠪᠣᠢ      ᠴᠢᠰᠤ ᠳᠤᠲᠠᠬᠤ ᠭᠡᠳᠡᠭ ᠨᠢ ᠡᠷᠭᠢᠯᠲᠡ ᠶᠢᠨ ᠴᠢᠰᠤᠨ ᠤ ᠨᠢᠭᠡᠴᠢ ᠪᠠᠭᠲᠠᠭᠠᠮᠵᠢ ᠶᠢᠨ ᠳᠣᠲᠣᠷᠠᠬᠢ ᠴᠢᠰᠤᠨ ᠤ ᠤᠯᠠᠭᠠᠨ ᠤᠭᠤᠷᠠᠭ ᠤᠨ ᠥᠳᠬᠡᠴᠡ ᠨᠢ ᠬᠡᠪ ᠤᠨ ᠬᠡᠮᠵᠢᠭᠳᠡᠯ ᠠᠴᠠ ᠳᠣᠣᠷ᠎ᠠ ︵ᠡᠷᠡᠭᠲᠡᠶ ᠬᠥᠮᠦᠨ 120 ᠭᠷᠠᠮ \ ᠯᠢᠲᠷ ᠠᠴᠠ ᠳᠣᠣᠷ᠎ᠠ᠂ ᠡᠮᠡᠭᠲᠡᠶ ᠬᠥᠮᠦᠨ 110 ᠭᠷᠠᠮ \ ᠯᠢᠲᠷ ᠠᠴᠠ ᠳᠣᠣᠷ᠎ᠠ︶᠂ ᠡᠰᠡᠬᠦᠯ᠎ᠡ ᠤᠯᠠᠭᠠᠨ ᠡᠰ ᠤᠨ ᠳᠠᠷᠤᠭᠳᠠᠯ ᠪᠠᠭᠠᠰᠬᠤ ︵ᠡᠷᠡᠭᠲᠡᠶ ᠬᠥᠮᠦᠨ 40% ᠠᠴᠠ ᠳᠣᠣᠷ᠎ᠠ᠂ ᠡᠮᠡᠭᠲᠡᠶ ᠬᠥᠮᠦᠨ 37% ᠠᠴᠠ ᠳᠣᠣᠷ᠎ᠠ︶ ᠶᠢ ᠵᠢᠭᠠᠵᠤ ᠪᠠᠶᠢᠨ᠎ᠠ᠃ ︵ᠴᠢᠰᠤ ᠳᠤᠲᠠᠬᠤ︶ ᠴᠢᠰᠤᠨ ᠡᠷᠭᠢᠯᠲᠡ ᠶᠢᠨ ᠴᠢᠰᠤᠨ ᠤ ᠨᠢᠭᠡᠴᠢ ᠪᠠᠭᠲᠠᠭᠠᠮᠵᠢ ᠶᠢᠨ ᠳᠣᠲᠣᠷᠠᠬᠢ ᠴᠢᠰᠤᠨ ᠤ ᠤᠯᠠᠭᠠᠨ ᠤᠭᠤᠷᠠᠭ ᠤᠨ ᠥᠳᠬᠡᠴᠡ ᠨᠢ ᠡᠷᠡᠭᠦᠯ ᠬᠡᠮᠵᠢᠭᠳᠡᠯ ᠠᠴᠠ ᠳᠣᠣᠷ᠎ᠠ ︵ᠡᠷᠡᠭᠲᠡᠶ ᠬᠥᠮᠦᠨ 37% ᠠᠴᠠ ᠳᠣᠣᠷ᠎ᠠ︶᠃ ᠴᠢᠰᠤ ᠳᠤᠲᠠᠬᠤ ᠪᠣᠯ ᠵᠥᠪᠬᠡᠨ ᠨᠢᠭᠡ ᠵᠦᠢᠯ ᠤᠨ ᠡᠪᠡᠳᠴᠢᠨ ᠤ ᠢᠯᠡᠷᠡᠯ ᠮᠥᠨ᠂ ᠴᠢᠰᠤᠨ ᠡᠪᠡᠳᠴᠢᠨ ᠪᠠᠶᠢᠵᠤ ᠮᠡᠳᠡᠨ᠎ᠡ᠂ ᠪᠠᠰᠠ ᠪᠤᠰᠤᠳ ᠰᠢᠰᠲ᠋ᠧᠮ ᠤᠨ ᠡᠪᠡᠳᠴᠢᠨ ᠤ ᠢᠯᠡᠷᠡᠯ ᠪᠠᠶᠢᠵᠤ ᠮᠡᠳᠡᠨ᠎ᠡ᠃ ᠨᠠᠰᠤᠲᠠᠶᠢᠴᠤᠳ ᠤᠨ ᠴᠢᠰᠤ ᠳᠤᠲᠠᠬᠤ ᠨᠢ ᠭᠤᠣᠯᠳᠠᠭᠤ ᠳᠣᠣᠷᠠᠬᠢ ᠮᠡᠲᠦ ᠰᠢᠯᠲᠠᠭᠠᠨ ᠠᠴᠠ ᠪᠣᠯᠤᠭᠰᠠᠨ ᠶᠤᠮ᠃      ᠴᠢᠰᠤ ᠪᠦᠲᠦᠭᠡᠬᠦ ᠠᠵᠢᠯᠯᠠᠭ᠎ᠠ ᠶᠢᠨ ᠳᠤᠷᠦ᠋ᠢᠳᠠᠯ      ᠴᠢᠮᠥᠭᠡ ᠪᠣᠯ ᠨᠠᠰᠤᠨ ᠳᠤ ᠬᠦᠷᠦᠭᠰᠡᠳ ᠤᠨ ᠭᠤᠣᠯ ᠴᠢᠰᠤ ᠪᠦᠲᠦᠭᠡᠬᠦ ᠡᠷᠬᠡᠲᠡᠨ ᠮᠥᠨ᠂ ᠨᠠᠰᠤᠲᠠᠶᠢᠴᠤᠳ ᠤᠨ ᠴᠢᠮᠥᠭᠡ ᠶᠢᠨ ᠴᠢᠰᠤ ᠪᠦᠲᠦᠭᠡᠬᠦ ᠴᠢᠳᠠᠪᠤᠷᠢ ᠨᠢ ᠪᠤᠰᠤᠳ ᠡᠷᠬᠡᠲᠡᠨ ᠲᠠᠢ ᠠᠳᠠᠯᠢ ᠪᠠᠷ ᠠᠭᠠᠵᠢᠮ ᠢᠶᠠᠷ ᠪᠠᠭᠤᠷᠠᠵᠤ᠂ ᠥᠭᠡᠬᠦ ᠪᠠ ᠬᠡᠯᠬᠢᠶ᠎ᠡ ᠨᠡᠬᠡᠳᠡᠰᠦ ᠪᠠᠷ ᠣᠷᠣᠯᠠᠭᠳᠠᠵᠤ᠂ ᠣᠷᠣᠯᠠᠬᠤ ᠴᠢᠳᠠᠪᠤᠷᠢ ᠨᠢ ᠴᠦ ᠮᠡᠳᠡᠭᠳᠡᠮ᠎ᠡ ᠪᠠᠭᠤᠷᠠᠳᠠᠭ᠃      ᠢᠰᠬᠡᠭᠦᠷ ᠤᠨ ᠢᠳᠡᠪᠬᠢ ᠴᠢᠨᠠᠷ ᠪᠠᠭᠤᠷᠠᠬᠤ      ᠨᠠᠰᠤᠲᠠᠶᠢᠴᠤᠳ ᠤᠨ ᠪᠡᠶ᠎ᠡ ᠶᠢᠨ ᠳᠣᠲᠣᠷᠠᠬᠢ ᠡᠯ᠎ᠡ ᠵᠦᠢᠯ ᠤᠨ ᠰᠣᠯᠢᠯᠴᠠᠭᠠᠨ ᠤ ᠢᠰᠬᠡᠭᠦᠷ ᠤᠨ ᠢᠳᠡᠪᠬᠢ ᠴᠢᠨᠠᠷ ᠨᠢ ᠪᠠᠭᠤᠷᠠᠵᠤ᠂ ᠤᠯᠠᠭᠠᠨ ᠡᠰ ᠤᠨ ᠪᠦᠷᠬᠦᠭᠦᠯ ᠤᠨ ᠰᠣᠯᠢᠯᠴᠠᠭ᠎ᠠ ᠳᠤ ᠬᠡᠷᠡᠭᠰᠡᠬᠦ ᠢᠰᠬᠡᠭᠦᠷ ᠨᠢ ᠠᠳᠠᠯᠢᠬᠠᠨ ᠬᠤᠪᠢᠷᠠᠯᠲᠠ ᠭᠠᠷᠴᠤ᠂ ᠤᠯᠠᠭᠠᠨ ᠡᠰ ᠤᠨ ᠠᠮᠢ ᠨᠠᠰᠤ ᠨᠢ ᠪᠠᠭ᠎ᠠ ᠰᠠᠭ᠎ᠠ ᠪᠠᠭᠠᠰᠳᠠᠭ᠃      ᠬᠤᠷᠮᠣᠨ ᠤ ᠲᠦᠪᠰᠢᠨ ᠪᠠᠭᠤᠷᠠᠬᠤ      ᠨᠠᠰᠤᠲᠠᠶᠢᠴᠤᠳ ᠤᠨ ᠬᠤᠷᠮᠣᠨ ᠤ ᠰᠢᠭᠦᠷᠡᠯᠲᠡ ᠪᠠᠭᠠᠰᠴᠤ᠂ ᠬᠤᠷᠮᠣᠨ ᠤ ᠰᠡᠳᠦᠯᠲᠡ ᠪᠠᠷ ᠴᠢᠰᠤ ᠪᠦᠲᠦᠭᠡᠬᠦ ᠦᠢᠯᠡᠳᠦᠯ ᠴᠦ ᠳᠠᠭᠠᠯᠳᠤᠨ ᠪᠠᠭᠤᠷᠠᠳᠠᠭ᠃      ᠰᠢᠮ᠎ᠡ ᠲᠡᠵᠢᠭᠡᠯ ᠳᠤᠲᠠᠭᠳᠠᠬᠤ      ᠨᠠᠰᠤᠲᠠᠶᠢᠴᠤᠳ ᠤᠨ ᠰᠢᠩᠭᠡᠭᠡᠯᠲᠡ ᠶᠢᠨ ᠴᠢᠳᠠᠪᠤᠷᠢ ᠨᠢ ᠮᠠᠭᠤᠳᠠᠬᠤ᠂ ᠰᠢᠳᠦ ᠨᠢ ᠰᠤᠯᠠᠷᠠᠨ ᠤᠨᠠᠬᠤ᠂ ᠵᠠᠵᠢᠯᠬᠤ ᠴᠢᠳᠠᠪᠤᠷᠢ ᠨᠢ ᠮᠠᠭᠤᠳᠠᠬᠤ᠂ ᠰᠢᠩᠭᠡᠭᠡᠬᠦ ᠴᠢᠳᠠᠪᠤᠷᠢ ᠨᠢ ᠮᠠᠭᠤᠳᠠᠬᠤ᠂ ᠠᠮᠠᠷᠬᠠᠨ ᠴᠢᠰᠤ ᠳᠤᠲᠠᠬᠤ ᠪᠠᠶᠢᠳᠠᠯ ᠢ ᠡᠭᠦᠰᠭᠡᠳᠡᠭ︔ ᠪᠠᠰᠠ ᠵᠠᠷᠢᠮ ᠨᠠᠰᠤᠲᠠᠶᠢᠴᠤᠳ ᠤᠷᠲᠤ ᠬᠤᠭᠤᠴᠠᠭ᠎ᠠ ᠪᠠᠷ ᠠᠮᠢᠲᠠᠨ ᠤ ᠴᠢᠨᠠᠷᠲᠠᠶ ᠢᠳᠡᠭᠡᠨ ᠢ ᠢᠳᠡᠬᠦ ᠶᠢ ᠴᠢᠩᠭ᠎ᠠ ᠬᠢᠵᠠᠭᠠᠷᠯᠠᠵᠤ᠂ ᠠᠮᠠᠷᠬᠠᠨ ᠴᠢᠰᠤ ᠪᠦᠲᠦᠭᠡᠬᠦ ᠮᠠᠲ᠋ᠧᠷᠢᠶᠠᠯ ᠢ ᠪᠣᠢ ᠪᠣᠯᠭᠠᠳᠠᠭ᠂ ᠵᠢᠱᠢᠶᠡᠯᠡᠪᠡᠯ ᠲᠡᠮᠦᠷ᠂ ᠨᠠᠪᠴᠢᠨ ᠤ ᠬᠦᠴᠢᠯ ᠵᠢᠴᠢ ᠸᠢᠲ᠋ᠠᠮᠢᠨ B12 ᠢ ᠢᠳᠡᠬᠦ ᠳᠤ ᠬᠦᠷᠦᠯᠴᠡᠬᠦ ᠦᠭᠡᠢ ᠪᠣᠯᠵᠤ᠂ ᠴᠢᠰᠤ ᠳᠤᠲᠠᠬᠤ ᠪᠠᠶᠢᠳᠠᠯ ᠢ ᠪᠣᠢ ᠪᠣᠯᠭᠠᠳᠠᠭ᠃      ᠣᠯᠠᠨ ᠵᠦᠢᠯ ᠤᠨ ᠤᠳᠠᠭᠠᠨ ᠴᠢᠨᠠᠷᠲᠠᠢ ᠡᠪᠡᠳᠴᠢᠨ ᠲᠠᠢ      ᠨᠠᠰᠤᠲᠠᠶᠢᠴᠤᠳ ᠦᠷᠭᠦᠯᠵᠢ ᠣᠯᠠᠨ ᠵᠦᠢᠯ ᠤᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠳᠡᠭ᠂ ᠵᠢᠱᠢᠶᠡᠯᠡᠪᠡᠯ ᠤᠳᠠᠭᠠᠨ ᠴᠢᠨᠠᠷᠲᠠᠶ ᠪᠥᠭᠡᠷᠡᠨ ᠡᠪᠡᠳᠴᠢᠨ ᠳᠤ ᠨᠡᠷᠪᠡᠭᠳᠡᠪᠡᠯ᠂ ᠤᠯᠠᠭᠠᠨ ᠡᠰ ᠤᠨ ᠡᠭᠦᠰᠦᠯᠲᠡ ᠶᠢ ᠠᠬᠢᠭᠤᠯᠬᠤ ᠡᠳ᠋ ᠤᠨ ᠰᠢᠭᠦᠷᠡᠯᠲᠡ ᠶᠢᠨ ᠬᠡᠮᠵᠢᠶ᠎ᠡ ᠶᠢ ᠳᠣᠷᠣᠭᠰᠢᠯᠠᠭᠤᠯᠵᠤ᠂ ᠤᠯᠠᠭᠠᠨ ᠡᠰ ᠤᠨ ᠡᠭᠦᠰᠦᠯᠲᠡ ᠶᠢ ᠭᠦᠢᠴᠡᠳ ᠦᠭᠡᠢ ᠪᠣᠯᠭᠠᠳᠠᠭ᠃ ᠥᠪᠡᠷ ᠤᠨ ᠪᠡᠶ᠎ᠡ ᠶᠢᠨ ᠡᠭᠡᠯᠢᠯᠡᠭᠡ ᠶᠢᠨ ᠴᠢᠨᠠᠷᠲᠠᠶ ᠡᠪᠡᠳᠴᠢᠨ ᠨᠢ ᠠᠳᠠᠯᠢ ᠪᠤᠰᠤ ᠬᠡᠮᠵᠢᠶᠡᠨ ᠤ ᠴᠢᠰᠤ ᠳᠤᠲᠠᠬᠤ ᠶᠢ ᠡᠭᠦᠰᠭᠡᠨ᠎ᠡ᠂ ᠡᠯ᠎ᠡ ᠵᠦᠢᠯ ᠤᠨ ᠤᠳᠠᠭᠠᠨ ᠴᠢᠨᠠᠷᠲᠠᠶ ᠬᠠᠯᠳᠠᠪᠤᠷᠢᠯᠠᠯ ᠨᠢ ᠲᠡᠮᠦᠷ ᠤᠨ ᠰᠣᠯᠢᠯᠴᠠᠭ᠎ᠠ ᠶᠢ ᠰᠠᠮᠠᠭᠤᠷᠠᠭᠤᠯᠳᠠᠭ︔ ᠳᠤᠮᠳᠠ ᠰᠡᠭᠦᠯᠴᠢ ᠶᠢᠨ ᠬᠤᠭᠤᠴᠠᠭᠠᠨ ᠤ ᠬᠤᠣᠷᠲᠤ ᠬᠠᠪᠤᠳᠠᠷ ᠲᠤ ᠦᠷᠭᠦᠯᠵᠢ ᠴᠢᠰᠤ ᠳᠤᠲᠠᠬᠤ ᠵᠡᠷᠭᠡ ᠳᠠᠪᠬᠤᠴᠠᠳᠠᠭ︔ ᠤᠳᠠᠭᠠᠨ ᠴᠢᠨᠠᠷᠲᠠᠶ ᠡᠪᠡᠳᠴᠢᠨ ᠢ ᠵᠠᠰᠠᠬᠤ ᠡᠮ ᠨᠢ ᠪᠠᠰᠠ ᠤᠯᠠᠭᠠᠨ ᠡᠰ ᠤᠨ ᠡᠭᠦᠰᠦᠯᠲᠡ ᠶᠢ ᠬᠤᠷᠢᠭᠯᠠᠭᠰᠠᠨ ᠠᠴᠠ ᠴᠢᠰᠤ ᠳᠤᠲᠠᠬᠤ ᠡᠪᠡᠳᠴᠢᠨ ᠢ ᠡᠭᠦᠰᠭᠡᠵᠦ ᠮᠡᠳᠡᠨ᠎ᠡ᠃     2 ᠴᠢᠰᠤ ᠳᠤᠲᠠᠬᠤ ᠪᠠᠶᠢᠳᠠᠯ ᠭᠠᠷᠪᠠᠯ ᠶᠠᠭᠠᠬᠢᠬᠤ ᠪᠤᠢ      ᠨᠠᠰᠤᠲᠠᠶᠢᠴᠤᠳ ᠤᠨ ᠴᠢᠰᠤ ᠳᠤᠲᠠᠬᠤ ᠶᠢ ᠰᠡᠷᠭᠡᠶᠢᠯᠡᠨ ᠵᠠᠰᠠᠬᠤ ᠳᠤ ᠠᠩᠬᠠᠨ ᠤ ᠡᠭᠦᠰᠦᠯ ᠤᠨ ᠴᠢᠨᠠᠷᠲᠠᠢ ᠡᠪᠡᠳᠴᠢᠨ ᠢ ᠢᠳᠡᠪᠬᠢᠲᠡᠢ ᠡᠮᠨᠡᠨ ᠵᠠᠰᠠᠬᠤ ᠬᠡᠷᠡᠭᠲᠡᠢ᠂ ᠵᠢᠱᠢᠶᠡᠯᠡᠪᠡᠯ ᠬᠠᠪᠤᠳᠠᠷ᠂ ᠬᠠᠯᠳᠠᠪᠤᠷᠢᠯᠠᠯ᠂ ᠪᠥᠭᠡᠷᠡᠨ ᠤ ᠠᠵᠢᠯᠯᠠᠭ᠎ᠠ ᠪᠦᠷᠢᠨ ᠪᠤᠰᠤ ᠵᠡᠷᠭᠡ᠃ ᠬᠠᠮᠲᠤ ᠳᠤᠨᠢ ᠵᠣᠬᠢᠬᠤ ᠬᠡᠮᠵᠢᠶᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠵᠦ ᠂ ᠪᠡᠶ᠎ᠡ ᠮᠠᠬᠠᠪᠣᠳ ᠤᠨ ᠬᠦᠴᠢᠯᠲᠥ᠋ᠷᠥᠭᠴᠢ ᠶᠢᠨ ᠬᠤᠷᠣᠭᠳᠠᠯ ᠤᠨ ᠬᠡᠮᠵᠢᠶ᠎ᠡ ᠶᠢ ᠨᠡᠮᠡᠭᠳᠡᠭᠦᠯᠦᠨ᠂ ᠴᠢᠰᠤ ᠪᠦᠲᠦᠭᠡᠬᠦ ᠠᠵᠢᠯᠯᠠᠭ᠎ᠠ ᠶᠢᠨ ᠥᠲᠡᠯᠬᠦ ᠶᠢ ᠤᠳᠠᠭᠠᠰᠢᠷᠠᠭᠤᠯᠤᠨ᠎ᠠ᠃      ᠨᠠᠰᠤᠲᠠᠶᠢᠴᠤᠳ ᠤᠨ ᠳᠤᠮᠳᠠ ᠰᠢᠮ᠎ᠡ ᠲᠡᠵᠢᠭᠡᠯ ᠤᠨ ᠴᠢᠨᠠᠷᠲᠠᠶ ᠴᠢᠰᠤ ᠳᠤᠲᠠᠬᠤ ᠡᠪᠡᠳᠴᠢᠨ ᠡᠭᠦᠰᠬᠦ ᠨᠤᠷᠮ᠎ᠠ ᠨᠢ ᠨᠡᠯᠢᠶᠡᠳ ᠥᠨᠳᠥᠷ᠂ ᠭᠤᠣᠯᠳᠠᠭᠤ ᠪᠡᠶ᠎ᠡ ᠶᠢᠨ ᠳᠣᠲᠣᠷᠠᠬᠢ ᠲᠡᠮᠦᠷ᠂ ᠨᠠᠪᠴᠢᠨ ᠤ ᠬᠦᠴᠢᠯ ᠵᠢᠴᠢ ᠸᠢᠲ᠋ᠠᠮᠢᠨ B12 ᠳᠤᠲᠠᠭᠳᠠᠭᠰᠠᠨ ᠠᠴᠠ ᠪᠣᠯᠤᠭᠰᠠᠨ ᠲᠤᠯᠠ ᠵᠣᠬᠢᠰᠲᠠᠶ ᠢᠳᠡᠭᠡᠨ ᠤᠮᠳᠠᠭᠠᠨ ᠢᠶᠠᠷ ᠳᠠᠮᠵᠢᠨ ᠰᠠᠶᠢᠵᠢᠷᠠᠭᠤᠯᠬᠤ ᠴᠢᠬᠤᠯᠠᠲᠠᠶ᠃      ᠨᠠᠰᠤᠲᠠᠶᠢᠴᠤᠳ ᠰᠢᠯᠢᠳᠡᠭ ᠤᠭᠤᠷᠠᠭ ᠢ ᠢᠯᠡᠭᠦᠬᠡᠨ ᠰᠢᠩᠭᠡᠭᠡᠨ ᠠᠪᠴᠤ᠂ ᠬᠥᠮᠦᠨ ᠤ ᠪᠡᠶ᠎ᠡ ᠶᠢᠨ ᠡᠭᠡᠯᠢᠯᠡᠭᠡ ᠶᠢᠨ ᠰᠢᠰᠲ᠋ᠧᠮ ᠤᠨ ᠡᠰ ᠲᠤ ᠰᠡᠳᠦᠯᠲᠡ ᠥᠭᠴᠦ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠵᠣᠬᠢᠬᠤ ᠬᠡᠮᠵᠢᠶᠡᠨ ᠤ ᠥᠭᠡᠬᠦ ᠰᠢᠩᠭᠡᠭᠡᠵᠦ᠂ ᠡᠨᠧᠷᠭᠢ ᠶᠢᠨ ᠢᠷᠡᠯᠲᠡ ᠶᠢ ᠨᠡᠮᠡᠭᠳᠡᠭᠦᠯᠦᠨ᠎ᠡ᠃ ᠵᠣᠬᠢᠬᠤ ᠬᠡᠮᠵᠢᠶᠡᠨ ᠤ ᠸᠢᠲ᠋ᠠᠮᠢᠨ ︵ᠣᠨᠴᠠᠭᠠᠶᠢᠯᠠᠨ ᠸᠢᠲ᠋ᠠᠮᠢᠨ C ᠵᠢᠴᠢ B ᠲᠥᠷᠥᠯ ᠤᠨ ᠸᠢᠲ᠋ᠠᠮᠢᠨ︶ ᠪᠣᠯᠤᠨ ᠨᠠᠪᠴᠢᠨ ᠤ ᠬᠦᠴᠢᠯ ᠢ ᠰᠢᠩᠭᠡᠭᠡᠨ ᠠᠪᠴᠤ᠂ ᠤᠯᠠᠭᠠᠨ ᠡᠰ ᠤᠨ ᠡᠭᠦᠰᠦᠯᠲᠡ ᠶᠢ ᠠᠬᠢᠭᠤᠯᠤᠨ᠎ᠠ᠃ ᠲᠡᠮᠦᠷ ᠡᠯᠧᠮᠧᠨ᠋ᠲ ᠢ ᠰᠢᠩᠭᠡᠭᠡᠨ ᠠᠪᠴᠤ᠂ ᠴᠢᠰᠤᠨ ᠤ ᠤᠯᠠᠭᠠᠨ ᠤᠭᠤᠷᠠᠭ ᠤᠨ ᠨᠡᠶᠢᠯᠡᠯᠲᠡ ᠶᠢ ᠠᠬᠢᠭᠤᠯᠤᠨ᠎ᠠ︔ ᠢᠳᠡᠭᠡᠨ ᠭᠤᠯᠣᠬᠤ᠂ ᠬᠠᠷᠠᠰᠤ ᠬᠤᠭᠤᠯᠠ ᠢᠳᠡᠬᠦ ᠮᠡᠲᠦ ᠶᠢᠨ ᠡᠷᠡᠭᠦᠯ ᠪᠤᠰᠤ ᠵᠠᠩ ᠳᠠᠳᠬᠠᠯ ᠢ ᠵᠠᠯᠠᠷᠠᠭᠤᠯᠤᠨ᠎ᠠ᠃ ᠪᠣᠳᠠᠲᠠᠶ ᠪᠠᠷ ᠬᠡᠯᠡᠪᠡᠯ᠂ ᠵᠢᠮᠢᠰ᠂ ᠢᠳᠡᠰᠢᠨ ᠨᠣᠭᠤᠭ᠎ᠠ᠂ ᠮᠢᠬᠠᠨ ᠤ ᠵᠦᠢᠯ᠂ ᠠᠮᠢᠲᠠᠨ ᠤ ᠡᠯᠢᠭᠡᠨ ᠳᠤ ᠨᠡᠯᠢᠶᠡᠳ ᠠᠷᠪᠢᠨ ᠨᠠᠪᠴᠢᠨ ᠤ ᠬᠦᠴᠢᠯ ᠠᠭᠤᠯᠳᠠᠭ︔ ᠮᠢᠬᠠᠨ ᠤ ᠵᠦᠢᠯ᠂ ᠲᠠᠬᠢᠶᠠᠨ ᠥᠨᠳᠡᠭᠡ᠂ ᠦᠨᠢᠶᠡᠨ ᠰᠦ᠋ ᠪᠠ ᠪᠤᠰᠤᠳ ᠴᠠᠭᠠᠨ ᠢᠳᠡᠭᠡᠨ ᠤ ᠳᠣᠲᠣᠷ᠎ᠠ ᠸᠢᠲ᠋ᠠᠮᠢᠨ B12 ᠤᠨ ᠠᠭᠤᠯᠤᠭᠳᠠᠴᠠ ᠨᠡᠯᠢᠶᠡᠳ ᠠᠷᠪᠢᠨ ᠪᠠᠶᠢᠳᠠᠭ ᡽ ᠵᠦᠷᠵᠢ᠂ ᠨᠢᠮᠪᠡᠭᠡ᠂ ᠵᠦᠷᠵᠢᠯᠢᠭ᠂ ᠲᠣᠰᠢᠯᠤᠭ᠂ ᠯᠠᠵᠤᠤ᠂ ᠲᠥᠪᠡᠳ ᠬᠠᠰᠢ᠂ ᠰᠢᠯᠢᠮᠳᠡᠭ᠂ ᠪᠥᠭᠡᠷᠡᠩᠬᠡᠶ ᠴᠠᠭᠠᠨ ᠨᠣᠭᠤᠭ᠎ᠠ᠂ ᠨᠣᠭᠤᠭ᠎ᠠ ᠶᠢᠨ ᠴᠡᠴᠡᠭ ᠪᠠ ᠭᠠᠶᠢᠮᠤ ᠵᠡᠷᠭᠡ ᠵᠢᠮᠢᠰ ᠨᠣᠭᠤᠭ᠎ᠠ ᠳᠤ ᠸᠢᠲ᠋ᠠᠮᠢᠨ C ᠡᠯᠪᠡᠭ ᠠᠭᠤᠯᠤᠭᠳᠠᠨ᠎ᠠ᠃ ᠠᠮᠢᠲᠠᠨ ᠤ ᠴᠢᠨᠠᠷᠲᠠᠶ ᠢᠳᠡᠭᠡᠨ᠂ ᠵᠢᠱᠢᠶᠡᠯᠡᠪᠡᠯ ᠠᠮᠢᠲᠠᠨ ᠤ ᠴᠢᠰᠤ᠂ ᠦᠬᠡᠷ ᠤᠨ ᠮᠢᠬ᠎ᠠ᠂ ᠵᠢᠭᠠᠰᠤ᠂ ᠡᠯᠢᠭᠡ᠂ ᠥᠨᠳᠡᠭᠡ ᠵᠡᠷᠭᠡ᠂ ᠤᠷᠭᠤᠮᠠᠯ ᠤᠨ ᠴᠢᠨᠠᠷᠲᠠᠶ ᠢᠳᠡᠭᠡᠨ᠂ ᠵᠢᠱᠢᠶᠡᠯᠡᠪᠡᠯ ᠮᠠᠭᠠᠵᠢ᠂ ᠬᠠᠷ᠎ᠠ ᠳᠡᠯᠳᠡᠦ᠂ ᠴᠤᠭᠤᠷ ᠨᠣᠭᠤᠭ᠎ᠠ᠂ ᠥᠷᠭᠡᠰᠦᠲᠦ ᠨᠣᠭᠤᠭ᠎ᠠ᠂ ᠰᠢᠷ᠎ᠠ ᠪᠤᠷᠴᠠᠭ᠂ ᠠᠮᠤ ᠶᠢᠨ ᠲᠥᠷᠥᠯ᠂ ᠲᠤᠭᠤᠷ᠂ ᠬᠦᠢᠯᠡᠰᠦ᠂ ᠦᠵᠦᠮ ᠤᠨ ᠬᠠᠲᠠᠭᠠᠮᠠᠯ ᠵᠡᠷᠭᠡ ᠶᠢᠨ ᠲᠡᠮᠦᠷ ᠤᠨ ᠠᠭᠤᠯᠤᠭᠳᠠᠴᠠ ᠥᠨᠳᠥᠷ ᠮᠥᠷᠲᠡᠭᠡᠨ ᠠᠮᠠᠷᠬᠠᠨ ᠰᠢᠩᠭᠡᠭᠡᠭᠳᠡᠨ᠎ᠡ᠃      ᠰᠠᠨᠠᠭᠤᠯᠬᠤ ᠴᠢᠬᠤᠯᠠ ᠲᠠᠢ ᠨᠢ᠂ ᠨᠠᠰᠤᠲᠠᠶᠢᠴᠤᠳ ᠤᠨ ᠴᠢᠰᠤ ᠳᠤᠲᠠᠬᠤ ᠨᠢ ᠵᠢᠭᠠᠬᠠᠨ ᠴᠢᠰᠤ ᠨᠥᠬᠦᠬᠦ ᠰᠢᠮ᠎ᠡ ᠲᠡᠵᠢᠭᠡᠯᠲᠦ ᠪᠣᠳᠠᠰ ᠪᠤᠶᠤ ᠢᠳᠡᠭᠡᠨ ᠢ ᠢᠳᠡᠬᠦ ᠪᠢᠰᠢ᠂ ᠵᠢᠱᠢᠶᠡᠯᠡᠪᠡᠯ ᠤᠯᠠᠭᠠᠨ ᠴᠢᠪᠠᠭ᠎ᠠ᠂ ᠠ ᠵᠢᠶᠤᠤ ᠵᠡᠷᠭᠡ ᠶᠢ ᠢᠳᠡᠪᠡᠯ ᠪᠣᠯᠴᠢᠬᠠᠨ᠎ᠠ᠃ ᠦᠨᠡᠨ ᠳᠡᠭᠡᠨ ᠰᠢᠮ᠎ᠡ ᠲᠡᠵᠢᠭᠡᠯ ᠤᠨ ᠴᠢᠨᠠᠷᠲᠠᠶ ᠴᠢᠰᠤ ᠳᠤᠲᠠᠬᠤ ᠪᠣᠯᠪᠠᠴᠤ ᠵᠥᠪᠬᠡᠨ ᠢᠳᠡᠭᠡᠨ ᠤ ᠨᠥᠬᠦᠪᠥᠷᠢ ᠳᠤ ᠲᠦᠰᠢᠭᠯᠡᠨ ᠵᠠᠰᠠᠵᠤ ᠡᠳᠡᠭᠡᠷᠡᠭᠦᠯᠵᠦ ᠳᠡᠶᠢᠯᠬᠦ ᠦᠭᠡᠢ ᠶᠤᠮ᠃ ᠨᠠᠰᠤᠲᠠᠶᠢᠴᠤᠳ ᠤᠨ ᠴᠢᠰᠤ ᠳᠤᠲᠠᠭᠳᠠᠬᠤ ᠶᠢᠨ ᠠᠷᠤ ᠳᠤ ᠠᠶᠤᠯ ᠲᠦᠭᠰᠢᠭᠦᠷᠢ ᠨᠢᠭᠤᠭᠳᠠᠵᠤ ᠪᠠᠶᠢᠬᠤ ᠮᠠᠭᠠᠳ ᠥᠬᠡᠶ᠃ ᠨᠠᠰᠤ ᠠᠬᠢᠭᠰᠠᠳ ᠤᠨ ᠴᠢᠰᠤ ᠳᠤᠲᠠᠬᠤ ᠡᠪᠡᠳᠴᠢᠲᠡᠨ ᠢ ᠡᠷᠲᠡ ᠣᠨᠣᠰᠢᠯᠠᠵᠤ ᠡᠷᠲᠡ ᠡᠮᠨᠡᠨ ᠵᠠᠰᠠᠵᠤ᠂ ᠨᠡᠩ ᠬᠦᠨᠳᠦ ᠨᠣᠴᠢᠲᠠᠶ ᠳᠠᠪᠬᠤᠴᠠᠭᠰᠠᠨ ᠡᠪᠡᠳᠴᠢᠨ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃      ᠴᠢᠰᠤ ᠳᠤᠲᠠᠬᠤ ᠡᠬᠢᠨ ᠤ ᠳᠣᠬᠢᠶ᠎ᠠ      ᠴᠢᠰᠤ ᠳᠤᠲᠠᠬᠤ ᠪᠣᠯ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠠᠰᠠᠭᠤᠳᠠᠯ ᠮᠥᠨ᠂ ᠡᠬᠢᠨ ᠤ ᠬᠤᠭᠤᠴᠠᠭᠠᠨ ᠳᠤ ᠶᠡᠷᠦ ᠨᠢ ᠵᠠᠷᠢᠮ ᠣᠨᠴᠠᠭᠠᠶ ᠪᠤᠰᠤ ᠴᠢᠨᠠᠷᠲᠠᠶ ᠡᠪᠡᠳᠴᠢᠨ ᠤ ᠢᠯᠡᠷᠡᠯ ᠢᠶᠠᠷ ᠢᠯᠡᠷᠡᠳᠡᠭ᠂ ᠵᠢᠱᠢᠶᠡᠯᠡᠪᠡᠯ ᠲᠣᠯᠣᠭᠠᠶ ᠡᠷᠭᠢᠬᠦ᠂ ᠲᠠᠮᠢᠷᠳᠠᠬᠤ᠂ ᠵᠢᠷᠦᠬᠡ ᠲᠦᠭᠰᠢᠬᠦ᠂ ᠬᠥᠳᠡᠯᠭᠡᠭᠡᠨ ᠤ ᠲᠡᠰᠪᠦᠷᠢ ᠮᠠᠭᠤᠳᠠᠬᠤ᠂ ᠠᠮᠠᠷᠬᠠᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢᠶᠠᠷ ᠪᠤᠷᠤᠭᠤ ᠣᠨᠣᠰᠢᠯᠠᠭᠳᠠᠳᠠᠭ︔ ᠪᠠᠰᠠ ᠵᠠᠷᠢᠮ ᠡᠪᠡᠳᠴᠢᠲᠡᠨ ᠲᠥᠪ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠢᠯᠡᠷᠡᠯ᠂ ᠵᠢᠱᠢᠶᠡᠯᠡᠪᠡᠯ ᠬᠦᠢᠲᠡᠮᠰᠦᠭ᠂ ᠠᠭᠤᠷᠯᠠᠮᠠᠲᠠᠭᠠᠶ᠂ ᠬᠡᠢ ᠰᠡᠷᠡᠯ ᠵᠡᠷᠭᠡ ᠪᠠᠷ ᠠᠩᠬᠠᠨ ᠤ ᠢᠯᠡᠷᠡᠯ ᠪᠣᠯᠭᠠᠬᠤ ᠪᠤᠶᠤ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠤ ᠢᠯᠡᠷᠡᠯ ᠢᠶᠠᠨ ᠪᠣᠯᠭᠠᠬᠤ᠂ ᠡᠰᠡᠬᠦᠯ᠎ᠡ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠤ ᠢᠯᠡᠷᠡᠯ ᠢᠶᠠᠨ ᠪᠣᠯᠭᠠᠨ᠎ᠠ᠃ ᠳᠡᠭᠡᠷᠡᠬᠢ ᠢᠯᠡᠷᠡᠯ ᠨᠢ ᠴᠢᠰᠤ ᠳᠤᠲᠠᠬᠤ ᠳᠣᠬᠢᠶ᠎ᠠ ᠪᠠᠶᠢᠵᠤ ᠮᠡᠳᠡᠨ᠎ᠡ᠃      ᠨᠠᠰᠤᠲᠠᠶᠢᠴᠤᠳ᠂ ᠵᠢᠱᠢᠶᠡᠯᠡᠪᠡᠯ ᠰᠠᠷ᠎ᠠ ᠶᠢᠨ ᠭᠬᠢᠷ ᠠᠷᠢᠯᠤᠭᠰᠠᠨ ᠤ ᠳᠠᠷᠠᠭᠠᠬᠢ ᠡᠮᠡᠭᠲᠡᠶ᠂ ᠲᠡᠮᠦᠷ ᠳᠤᠲᠠᠬᠤ ᠴᠢᠨᠠᠷᠲᠠᠶ ᠴᠢᠰᠤ ᠳᠤᠲᠠᠬᠤ ᠡᠪᠡᠳᠴᠢᠨ ᠲᠠᠢ ᠡᠷᠡᠭᠲᠡᠶ᠂ ᠣᠶᠢᠷ᠎ᠠ ᠶᠢᠨ ᠬᠤᠭᠤᠴᠠᠭᠠᠨ ᠳᠤ ᠰᠢᠯᠲᠠᠭᠠᠨ ᠨᠢ ᠲᠣᠳᠣᠷᠬᠠᠶ ᠦᠭᠡᠢ ᠡᠴᠡᠵᠦ ᠲᠤᠷᠠᠭᠰᠠᠨ ᠨᠠᠰᠤᠲᠠᠶᠢᠴᠤᠳ᠂ ᠪᠠᠭᠠᠬᠤ ᠳᠠᠳᠬᠠᠯ ᠪᠤᠶᠤ ᠰᠢᠨᠵᠢ ᠪᠠᠶᠢᠳᠠᠯ ᠨᠢ ᠬᠤᠪᠢᠷᠬᠠᠰᠠᠨ ᠨᠠᠰᠤᠲᠠᠶᠢᠴᠤᠳ᠂ ᠰᠢᠯᠲᠠᠭᠠᠨ ᠨᠢ ᠲᠣᠳᠣᠷᠬᠠᠶ ᠦᠭᠡᠢ ᠴᠢᠰᠤ ᠳᠤᠲᠠᠬᠤ ᠪᠠᠶᠢᠳᠠᠯ ᠭᠠᠷᠤᠮᠠᠭᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠤᠭᠳᠠᠮᠠᠯ ᠴᠢᠨᠠᠷᠲᠠᠶ ᠬᠤᠣᠷᠲᠤ ᠬᠠᠪᠤᠳᠠᠷ ᠤᠨ ᠣᠷᠣᠰᠢᠬᠤ ᠶᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃                                 ᠢᠷᠡᠯᠲᠡ᠄  ᠡᠷᠡᠭᠦᠯ ᠴᠢᠬᠢᠷᠠᠭ ᠳᠤᠮᠳᠠᠳᠦ ᠤᠯᠤᠰ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3