3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 4 ᠤ ᠡᠳᠦᠷ ᠪᠣᠯᠲᠠᠯ᠎ᠠ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠵᠣᠣ ᠷᠦᠢ ᠪᠦᠯᠬᠦᠮ | ᠳᠠᠭᠠᠭᠤᠯᠤᠨ ᠱᠠᠩᠬᠠᠶ ᠬᠤᠲᠠ᠂ ᠵᠧᠵᠢᠶᠠᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ | ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ | ᠵᠤᠤ ᠷᠦᠢ ᠨᠠᠷ ᠤᠷᠢᠳ ᠬᠤᠵᠢᠳ ᠱᠠᠩᠬᠠᠢ ᠬᠤᠳᠠ ᠳᠤ ᠬᠦᠷᠴᠦ ᠮᠠᠨ ᠤ ᠰᠢᠶᠠᠨ ᠳᠤ ᠠᠵᠢᠯᠯᠠᠵᠤ | ᠪᠠᠶᠢᠭᠰᠠᠨ ᠠᠬᠠᠮᠠᠳ ᠰᠡᠬᠡᠭᠡᠲᠡᠨ ᠳ᠋ᠢᠩ ᠪᠦᠦ ᠭᠧᠨ᠂ ᠸᠠᠩ ᠴᠢᠩ ᠰᠢᠤ᠂ ᠵᠠᠩ ᠶᠢᠩ ᠹᠦ᠋ ᠵᠡᠷᠭᠡ ᠭᠤᠷᠪᠠᠨ | ᠨᠥᠬᠦᠷ ᠲᠠᠢ ᠠᠭᠤᠯᠵᠠᠵᠤ᠂ ᠬᠠᠩᠵᠧᠦ ᠬᠤᠳᠠ ᠳᠤ ᠬᠦᠷᠴᠦ ᠺᠠᠩᠰᠲ᠋ᠠᠨᠼᠢ ᠴᠠᠬᠢᠯᠭᠠᠨ ᠬᠡᠢ ᠶᠢᠨ ᠬᠢᠵᠠᠭᠠᠷᠲᠤ | ᠺᠣᠮᠫᠠᠨᠢ᠂ ᠸᠠᠨ ᠳ᠋ᠧ ᠸᠧᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠵᠣᠯᠭᠠᠭᠤᠯᠬᠤ ᠶᠢᠨ | ᠬᠠᠮᠲᠤ ᠶᠠᠷᠢᠯᠴᠠᠬᠤ ᠬᠤᠷᠠᠯ ᠬᠢᠵᠦ᠂ ᠢ ᠦ᠋ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠡ ᠳᠤ ᠬᠦᠷᠴᠦ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ | ᠪᠠᠶᠢᠭᠤᠯᠤᠯᠲᠠ ᠶᠢᠨ ᠲᠤᠬᠠᠢ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠥᠷᠨᠢᠭᠦᠯᠵᠡᠢ᠃ ᠲᠤᠬᠠᠶ ᠶᠢᠨ ᠭᠠᠵᠠᠷ ᠲᠤᠨᠢ | ᠬᠦᠷᠴᠦ ᠰᠤᠷᠪᠤᠯᠵᠢᠯᠠᠨ ᠪᠠᠶᠢᠴᠠᠭᠠᠬᠤ ᠪᠠᠷ ᠳᠡᠮᠵᠢᠨ᠂ ᠥᠨᠳᠥᠷ ᠪᠣᠭᠤᠨᠢ ᠴᠠᠬᠢᠯᠭᠠᠨ ᠬᠦᠴᠦᠳᠡᠯ ᠤᠨ ᠳᠠᠮᠵᠢᠭᠤᠯᠵᠤ | ᠲᠦᠭᠡᠭᠡᠬᠦ ᠴᠠᠬᠢᠯᠭᠠᠨ᠂ ᠴᠠᠬᠢᠯᠭᠠᠨ ᠤ ᠠᠦ᠋ᠲ᠋ᠣᠴᠢᠯᠠᠯᠲᠠ᠂ ᠤᠶᠤᠨᠲᠤ ᠴᠠᠬᠢᠯᠭᠠᠨ ᠡᠨᠧᠷᠭᠢ ᠶᠢᠨ ᠬᠡᠮᠵᠢᠭᠦᠷ᠂ ︽ | ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠲᠠᠪᠴᠠᠩ ᠤᠨ ᠪᠠᠶᠢᠭᠤᠯᠤᠯᠲᠠ᠂ ᠬᠡᠷᠡᠭᠯᠡᠯᠲᠡ᠂ | ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠲᠠᠢ ᠵᠣᠯᠭᠠᠭᠤᠯᠵᠤ᠂ ᠮᠠᠨ ᠤ | ᠰᠢᠶᠠᠨ ᠳᠤ ᠪᠠᠯᠠ ᠣᠷᠣᠭᠤᠯᠤᠨ ᠦᠢᠯᠡᠳᠪᠦᠷᠢ ᠡᠷᠭᠢᠯᠡᠬᠦ ᠰᠠᠨᠠᠭ᠎ᠠ ᠲᠠᠢ ᠪᠠᠶᠢᠵᠤ᠂ ᠣᠶᠢᠷ᠎ᠠ ᠳᠤ ᠮᠠᠨ ᠤ ᠰᠢᠶᠠᠨ ᠳᠤ | ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠲᠥᠯᠥᠪᠯᠡᠵᠦ ᠪᠠᠶᠢᠨ᠎ᠠ᠃ | ᠰᠢᠨᠵᠢᠯᠡᠨ ᠪᠠᠶᠢᠴᠠᠭᠠᠬᠤ ᠶᠠᠪᠤᠴᠠ ᠳᠤ᠂ ᠵᠤᠤ ᠷᠦᠢ᠂ ᠢ ᠦ᠋ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠪᠠᠶᠢᠭᠤᠯᠤᠯᠲᠠ ᠶᠢᠨ ᠠᠷᠭ᠎ᠠ | ᠬᠡᠮᠵᠢᠶ᠎ᠡ ᠪᠣᠯᠤᠨ ᠦᠷ᠎ᠡ ᠪᠦᠲᠦᠮᠵᠢ ᠶᠢ ᠰᠤᠷᠤᠯᠴᠠᠨ ᠰᠤᠳᠤᠯᠤᠭᠤᠰᠢᠲᠠᠢ ᠪᠠᠶᠢᠨ᠎ᠠ᠂ ᠲᠥᠯᠥᠭᠡᠯᠡᠭᠴᠢᠳ ᠤᠨ | ᠠᠵᠢᠯ ᠤᠨ ᠲᠣᠭᠲᠠᠴᠠ ᠶᠢ ᠰᠢᠯᠢᠳᠡᠭᠵᠢᠭᠦᠯᠬᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠮᠥᠷᠳᠡᠨ ᠱᠠᠯᠠᠪᠳᠠᠭᠤᠯᠤᠨ | ᠭᠦᠢᠴᠡᠳᠬᠡᠬᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ | ᠬᠥᠭᠵᠢᠭᠡᠬᠦ ᠵᠡᠷᠭᠡ ᠲᠠᠯ᠎ᠠ ᠪᠠᠷ ᠬᠢ ᠠᠷᠭ᠎ᠠ ᠬᠢᠳᠡᠯ ᠢ ᠰᠤᠷᠤᠯᠴᠠᠨ ᠳᠤᠯᠢᠳᠠᠵᠤ ᠪᠣᠯᠤᠨ᠎ᠠ ᠭᠡᠵᠦ ᠬᠡᠯᠡᠪᠡ᠃ ᠡᠨᠡ | ᠤᠳᠠᠭ᠎ᠠ ᠶᠢᠨ ᠰᠤᠷᠤᠯᠴᠠᠭᠰᠠᠨ ᠲᠤᠷᠰᠢᠯᠭ᠎ᠠ ᠪᠠᠨ ᠠᠪᠴᠤ ᠬᠠᠷᠢᠵᠤ᠂ ᠥᠪᠡᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠴᠢᠶᠣᠤ ᠷᠦᠩ᠂ ᠯᠢ ᠹᠧᠩ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |