ᠵᠣᠣ ᠷᠦᠢ ᠪᠦᠯᠬᠦᠮ ᠳᠠᠭᠠᠭᠤᠯᠤᠨ ᠱᠠᠩᠬᠠᠶ ᠬᠤᠲᠠ᠂ ᠵᠧᠵᠢᠶᠠᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/7
    3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 4 ᠤ ᠡᠳᠦᠷ ᠪᠣᠯᠲᠠᠯ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠵᠣᠣ ᠷᠦᠢ ᠪᠦᠯᠬᠦᠮ ᠳᠠᠭᠠᠭᠤᠯᠤᠨ ᠱᠠᠩᠬᠠᠶ ᠬᠤᠲᠠ᠂ ᠵᠧᠵᠢᠶᠠᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃      ᠵᠤᠤ ᠷᠦᠢ ᠨᠠᠷ ᠤᠷᠢᠳ ᠬᠤᠵᠢᠳ ᠱᠠᠩᠬᠠᠢ ᠬᠤᠳᠠ ᠳᠤ ᠬᠦᠷᠴᠦ ᠮᠠᠨ ᠤ ᠰᠢᠶᠠᠨ ᠳᠤ ᠠᠵᠢᠯᠯᠠᠵᠤ ᠪᠠᠶᠢᠭᠰᠠᠨ ᠠᠬᠠᠮᠠᠳ ᠰᠡᠬᠡᠭᠡᠲᠡᠨ ᠳ᠋ᠢᠩ ᠪᠦᠦ ᠭᠧᠨ᠂ ᠸᠠᠩ ᠴᠢᠩ ᠰᠢᠤ᠂ ᠵᠠᠩ ᠶᠢᠩ ᠹᠦ᠋ ᠵᠡᠷᠭᠡ ᠭᠤᠷᠪᠠᠨ ᠨᠥᠬᠦᠷ ᠲᠠᠢ ᠠᠭᠤᠯᠵᠠᠵᠤ᠂ ᠬᠠᠩᠵᠧᠦ ᠬᠤᠳᠠ ᠳᠤ ᠬᠦᠷᠴᠦ ᠺᠠᠩᠰᠲ᠋ᠠᠨᠼᠢ ᠴᠠᠬᠢᠯᠭᠠᠨ ᠬᠡᠢ ᠶᠢᠨ ᠬᠢᠵᠠᠭᠠᠷᠲᠤ ᠺᠣᠮᠫᠠᠨᠢ᠂ ᠸᠠᠨ ᠳ᠋ᠧ ᠸᠧᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠵᠣᠯᠭᠠᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠵᠦ᠂ ᠢ ᠦ᠋ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠳᠤ ᠬᠦᠷᠴᠦ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠪᠠᠶᠢᠭᠤᠯᠤᠯᠲᠠ ᠶᠢᠨ ᠲᠤᠬᠠᠢ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠥᠷᠨᠢᠭᠦᠯᠵᠡᠢ᠃ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠨ ᠪᠠᠶᠢᠴᠠᠭᠠᠬᠤ ᠪᠠᠷ ᠳᠡᠮᠵᠢᠨ᠂ ᠥᠨᠳᠥᠷ ᠪᠣᠭᠤᠨᠢ ᠴᠠᠬᠢᠯᠭᠠᠨ ᠬᠦᠴᠦᠳᠡᠯ ᠤᠨ ᠳᠠᠮᠵᠢᠭᠤᠯᠵᠤ ᠲᠦᠭᠡᠭᠡᠬᠦ ᠴᠠᠬᠢᠯᠭᠠᠨ᠂ ᠴᠠᠬᠢᠯᠭᠠᠨ ᠤ ᠠᠦ᠋ᠲ᠋ᠣᠴᠢᠯᠠᠯᠲᠠ᠂ ᠤᠶᠤᠨᠲᠤ ᠴᠠᠬᠢᠯᠭᠠᠨ ᠡᠨᠧᠷᠭᠢ ᠶᠢᠨ ᠬᠡᠮᠵᠢᠭᠦᠷ᠂ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠲᠠᠪᠴᠠᠩ ᠤᠨ ᠪᠠᠶᠢᠭᠤᠯᠤᠯᠲᠠ᠂ ᠬᠡᠷᠡᠭᠯᠡᠯᠲᠡ᠂ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠲᠠᠢ ᠵᠣᠯᠭᠠᠭᠤᠯᠵᠤ᠂ ᠮᠠᠨ ᠤ ᠰᠢᠶᠠᠨ ᠳᠤ ᠪᠠᠯᠠ ᠣᠷᠣᠭᠤᠯᠤᠨ ᠦᠢᠯᠡᠳᠪᠦᠷᠢ ᠡᠷᠭᠢᠯᠡᠬᠦ ᠰᠠᠨᠠᠭ᠎ᠠ ᠲᠠᠢ ᠪᠠᠶᠢᠵᠤ᠂ ᠣᠶᠢᠷ᠎ᠠ ᠳᠤ ᠮᠠᠨ ᠤ ᠰᠢᠶᠠᠨ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠲᠥᠯᠥᠪᠯᠡᠵᠦ ᠪᠠᠶᠢᠨ᠎ᠠ᠃      ᠰᠢᠨᠵᠢᠯᠡᠨ ᠪᠠᠶᠢᠴᠠᠭᠠᠬᠤ ᠶᠠᠪᠤᠴᠠ ᠳᠤ᠂ ᠵᠤᠤ ᠷᠦᠢ᠂ ᠢ ᠦ᠋ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠶᠢ ᠰᠤᠷᠤᠯᠴᠠᠨ ᠰᠤᠳᠤᠯᠤᠭᠤᠰᠢᠲᠠᠢ ᠪᠠᠶᠢᠨ᠎ᠠ᠂ ᠲᠥᠯᠥᠭᠡᠯᠡᠭᠴᠢᠳ ᠤᠨ ᠠᠵᠢᠯ ᠤᠨ ᠲᠣᠭᠲᠠᠴᠠ ᠶᠢ ᠰᠢᠯᠢᠳᠡᠭᠵᠢᠭᠦᠯᠬᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠮᠥᠷᠳᠡᠨ ᠱᠠᠯᠠᠪᠳᠠᠭᠤᠯᠤᠨ ᠭᠦᠢᠴᠡᠳᠬᠡᠬᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠵᠡᠷᠭᠡ ᠲᠠᠯ᠎ᠠ ᠪᠠᠷ ᠬᠢ ᠠᠷᠭ᠎ᠠ ᠬᠢᠳᠡᠯ ᠢ ᠰᠤᠷᠤᠯᠴᠠᠨ ᠳᠤᠯᠢᠳᠠᠵᠤ ᠪᠣᠯᠤᠨ᠎ᠠ ᠭᠡᠵᠦ ᠬᠡᠯᠡᠪᠡ᠃ ᠡᠨᠡ ᠤᠳᠠᠭ᠎ᠠ ᠶᠢᠨ ᠰᠤᠷᠤᠯᠴᠠᠭᠰᠠᠨ ᠲᠤᠷᠰᠢᠯᠭ᠎ᠠ ᠪᠠᠨ ᠠᠪᠴᠤ ᠬᠠᠷᠢᠵᠤ᠂ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠢᠶᠣᠤ ᠷᠦᠩ᠂ ᠯᠢ ᠹᠧᠩ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3