ᠤᠢᠢᠷ᠎ᠠ ᠶᠢᠨ ᠬᠤᠭᠤᠴᠠᠭᠠᠨ ᠳᠤ᠂ ᠰᠢᠩ ᠡᡁᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ | ᠲᠤᠪᠴᠢᠶ᠎ᠡ ᠨᠢ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠤᠬᠠᠭᠤᠯᠬᠤ ᠬᠡᠯᠲᠡᠰ ᠲᠤ ︽ᠰᠤᠷᠤᠯᠴᠠᠯᠭ᠎ᠠ ᠪᠠᠷ | ᠤᠯᠤᠰ ᠢᠶᠠᠨ ᠬᠦᠴᠦᠷᠬᠡᠭᠵᠢᠭᠦᠯᠬᠦ︾ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠵᠦ᠂ ᠨᠢᠭᠡ ᠠᠵᠢᠯᠳᠠᠨ ︽ | ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠤᠨ ᠰᠤᠷᠤᠯᠴᠠᠯᠭ᠎ᠠ ᠶᠢᠨ ᠵᠢᠱᠢᠶᠡᠴᠢ ᠶᠢᠨ ᠢᠷᠠᠭᠤ | ᠠᠯᠳᠠᠷ ᠤᠨ ᠴᠣᠯᠠ ᠶᠢ ᠬᠦᠷᠳᠡᠵᠡᠢ᠃ | ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠢ | ᠠᠬᠢᠭᠤᠯᠤᠭᠰᠠᠨ ᠠᠴᠠ ᠨᠠᠰᠢ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠣᠳᠠᠲᠠᠶ ᠪᠠᠷ ᠰᠢᠪᠠᠳᠠᠨ ᠨᠠᠶᠢᠳᠠᠪᠤᠷᠢᠵᠢᠭᠤᠯᠵᠠᠶ᠃ ᠪᠦᠬᠦ ᠨᠠᠮ ᠤᠨ ᠭᠡᠰᠢᠭᠦᠨ ᠺᠠᠳ᠋ᠷᠴᠤᠳ | ᠢᠳᠡᠪᠬᠢᠲᠡᠶ ᠪᠠᠷ ᠣᠷᠣᠯᠴᠠᠵᠤ᠂ ᠲᠤᠬᠠᠶᠢᠯᠠᠭᠰᠠᠨ ᠠᠵᠢᠯ ᠢᠶᠠᠨ ᠨᠥᠯᠥᠭᠡᠯᠡᠬᠦ ᠦᠭᠡᠢ ᠪᠠᠶᠢᠬᠤ ᠶᠢᠨ ᠬᠠᠮᠲᠤ᠂ | ᠤᠯᠠᠨ ᠢᠶᠠᠷ ᠢᠶᠠᠨ 8 ᠴᠠᠭ ᠤᠨ ᠠᠵᠢᠯ ᠠᠴᠠ ᠭᠠᠳᠠᠨᠠᠬᠢ ᠴᠠᠭ ᠢ ᠭᠦᠢᠴᠡᠳ ᠠᠰᠢᠭᠯᠠᠵᠤ᠂ ᠤᠯᠠᠨ ᠢᠶᠠᠷ ᠢᠶᠠᠨ | ᠬᠤᠶᠢᠨ᠎ᠠ ᠬᠤᠶᠢᠨ᠎ᠠ ᠠᠴᠠ ᠪᠠᠨ ᠪᠤᠯᠢᠶᠠᠯᠳᠤᠵᠤ᠂ ᠬᠠᠷᠢᠯᠴᠠᠨ ᠲᠡᠮᠡᠴᠡᠯᠳᠦᠵᠦ᠂ ᠬᠠᠮᠲᠤ ᠪᠠᠷ ᠤᠷᠤᠭᠰᠢᠯᠠᠪᠠ᠃ ᠪᠦᠬᠦ | ᠲᠠᠯ᠎ᠠ ᠪᠠᠷ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠬᠠᠮᠲᠤ ᠪᠠᠷ ᠳᠡᠭᠡᠭᠰᠢᠯᠡᠬᠦ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠪᠠ᠃ | ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠤᠨ ᠰᠤᠷᠤᠯᠴᠠᠯᠭ᠎ᠠ ᠪᠠᠷ ᠳᠡᠮᠵᠢᠨ᠂ | ᠨᠠᠮ ᠤᠨ ᠭᠡᠰᠢᠭᠦᠨ ᠺᠠᠳ᠋ᠷᠴᠤᠳ ᠤᠨ ᠬᠦᠰᠡᠯᠡᠩ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠵᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠪᠡ᠃ ᠤᠯᠠᠨ ᠢᠶᠠᠷ ᠢᠶᠠᠨ ᠡᠳᠦᠷ ᠪᠦᠷᠢ ᠤᠢᠢᠷ᠎ᠠ ᠵᠠᠶ ᠠᠴᠠ ᠰᠤᠷᠤᠯᠴᠠᠵᠤ | ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ | ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠪᠠ᠃ ︽ᠰᠤᠷᠤᠯᠴᠠᠯᠭ᠎ᠠ ᠪᠠᠷ | ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠠᠰᠢᠭᠯᠠᠨ᠂ ᠪᠢᠳᠡ ᠨᠠᠮ ᠤᠨ ᠪᠠᠶᠢᠭᠤᠯᠤᠯᠲᠠ ᠪᠠᠷ ᠰᠠᠭᠤᠷᠢ | ᠪᠣᠯᠭᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠴᠢᠨᠠᠷ ᠢᠶᠠᠷ ᠰᠢᠯᠢᠳᠡᠭ ᠰᠠᠶᠢᠨ ᠬᠤᠲᠠ ᠶᠢᠨ | ᠬᠠᠮᠢᠶᠠᠷᠤᠯᠲᠠ ᠶᠢᠨ ᠠᠵᠢᠯ ᠤᠨ ᠡᠩᠨᠡᠭᠡ ᠶᠢ ᠪᠠᠶᠢᠭᠤᠯᠵᠤ᠂ ᠰᠢᠩ ᠾᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ | ᠠᠵᠢᠯ ᠳᠤ ᠬᠤᠪᠢ ᠨᠡᠮᠡᠷᠢ ᠦᠵᠡᠭᠦᠯᠪᠡ᠃ | ᠣᠯᠠᠨ ᠵᠢᠯ ᠤᠨ ᠲᠤᠷᠰᠢ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠺᠠᠳ᠋ᠷ ᠠᠵᠢᠯᠲᠠᠨ | ᠠᠵᠢᠯᠴᠢᠨ ᠳᠡᠭᠡᠳᠦ ᠬᠡᠮᠵᠢᠶ᠎ᠡ ᠪᠠᠷ ᠢᠮᠠᠭᠲᠠ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠶᠢᠨ | ᠬᠡᠷᠡᠭᠯᠡᠯᠲᠡ ᠶᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ︽ᠰᠤᠷᠤᠯᠴᠠᠯᠭ᠎ᠠ ᠪᠠᠷ | ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠤᠨ ᠲᠥᠪᠯᠡᠷᠡᠭᠦᠯᠬᠦ ᠪᠠ ᠬᠥᠲᠥᠯᠦᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠯᠪᠡᠷᠢ ᠶᠢᠨ ᠰᠢᠨ᠎ᠡ ᠶᠢ ᠢᠳᠡᠪᠬᠢᠲᠡᠶ ᠪᠠᠷ ᠡᠭᠦᠳᠴᠦ᠂ | ᠰᠤᠷᠤᠯᠴᠠᠯᠭ᠎ᠠ ᠶᠢ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠂ ︽ᠰᠤᠷᠤᠯᠴᠠᠯᠭ᠎ᠠ ᠪᠠᠷ ᠤᠯᠤᠰ ᠢᠶᠠᠨ | ᠬᠦᠴᠦᠷᠬᠡᠭᠵᠢᠭᠦᠯᠬᠦ︾ ᠲᠠᠪᠴᠠᠩ ᠤᠨ ᠢᠳᠡᠪᠬᠢᠵᠢᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ | ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠦᠨᠡᠨ ᠬᠦ ᠥᠷᠭᠡᠨ ᠣᠯᠠᠨ ᠨᠠᠮ ᠤᠨ | ᠭᠡᠰᠢᠭᠦᠨ ᠣᠯᠠᠨ ᠲᠦᠮᠡᠨ ᠤ ᠦᠵᠡᠯ ᠰᠠᠨᠠᠭᠠᠨ ᠤ ︽ᠵᠠᠮᠴᠢᠯᠠᠬᠤ ᠪᠠᠭᠠᠵᠢ︾᠂ ᠮᠡᠳᠡᠯᠭᠡ ᠶᠢᠨ ᠲᠠᠯ᠎ᠠ ᠶᠢᠨ ︽ᠲᠣᠰᠣ | ᠨᠡᠮᠡᠬᠦ ᠥᠷᠲᠡᠭᠡ︾᠂ ᠠᠵᠢᠯᠯᠠᠭᠠᠨ ᠤ ᠲᠠᠯ᠎ᠠ ᠶᠢᠨ ︽ᠵᠦᠭᠯᠡᠭᠦᠷ︾ ᠪᠣᠯᠭᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ | ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |