ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠶᠢ ᠰᠠᠶᠢᠲᠤᠷ ᠠᠳᠬᠤᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠎ᠠ
ᠨᠡᠶᠢᠲᠡᠯᠡᠭᠰᠡᠨ ᠴᠠᠭ᠄
2023/5/12
      ᠤᠢᠢᠷ᠎ᠠ ᠶᠢᠨ ᠬᠤᠭᠤᠴᠠᠭᠠᠨ ᠳᠤ᠂ ᠰᠢᠩ ᠡᡁᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ  ᠲᠤᠪᠴᠢᠶ᠎ᠡ ᠨᠢ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠤᠬᠠᠭᠤᠯᠬᠤ ᠬᠡᠯᠲᠡᠰ ᠲᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠵᠦ᠂ ᠨᠢᠭᠡ ᠠᠵᠢᠯᠳᠠᠨ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠤᠨ ᠰᠤᠷᠤᠯᠴᠠᠯᠭ᠎ᠠ ᠶᠢᠨ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠶᠢ ᠬᠦᠷᠳᠡᠵᠡᠢ᠃      ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠢ ᠠᠬᠢᠭᠤᠯᠤᠭᠰᠠᠨ ᠠᠴᠠ ᠨᠠᠰᠢ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠣᠳᠠᠲᠠᠶ ᠪᠠᠷ ᠰᠢᠪᠠᠳᠠᠨ ᠨᠠᠶᠢᠳᠠᠪᠤᠷᠢᠵᠢᠭᠤᠯᠵᠠᠶ᠃ ᠪᠦᠬᠦ ᠨᠠᠮ ᠤᠨ ᠭᠡᠰᠢᠭᠦᠨ ᠺᠠᠳ᠋ᠷᠴᠤᠳ ᠢᠳᠡᠪᠬᠢᠲᠡᠶ ᠪᠠᠷ ᠣᠷᠣᠯᠴᠠᠵᠤ᠂ ᠲᠤᠬᠠᠶᠢᠯᠠᠭᠰᠠᠨ ᠠᠵᠢᠯ ᠢᠶᠠᠨ ᠨᠥᠯᠥᠭᠡᠯᠡᠬᠦ ᠦᠭᠡᠢ ᠪᠠᠶᠢᠬᠤ ᠶᠢᠨ ᠬᠠᠮᠲᠤ᠂ ᠤᠯᠠᠨ ᠢᠶᠠᠷ ᠢᠶᠠᠨ 8 ᠴᠠᠭ ᠤᠨ ᠠᠵᠢᠯ ᠠᠴᠠ ᠭᠠᠳᠠᠨᠠᠬᠢ ᠴᠠᠭ ᠢ ᠭᠦᠢᠴᠡᠳ ᠠᠰᠢᠭᠯᠠᠵᠤ᠂ ᠤᠯᠠᠨ ᠢᠶᠠᠷ ᠢᠶᠠᠨ ᠬᠤᠶᠢᠨ᠎ᠠ ᠬᠤᠶᠢᠨ᠎ᠠ ᠠᠴᠠ ᠪᠠᠨ ᠪᠤᠯᠢᠶᠠᠯᠳᠤᠵᠤ᠂ ᠬᠠᠷᠢᠯᠴᠠᠨ ᠲᠡᠮᠡᠴᠡᠯᠳᠦᠵᠦ᠂ ᠬᠠᠮᠲᠤ ᠪᠠᠷ ᠤᠷᠤᠭᠰᠢᠯᠠᠪᠠ᠃ ᠪᠦᠬᠦ ᠲᠠᠯ᠎ᠠ ᠪᠠᠷ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠬᠠᠮᠲᠤ ᠪᠠᠷ ᠳᠡᠭᠡᠭᠰᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃      ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠤᠨ ᠰᠤᠷᠤᠯᠴᠠᠯᠭ᠎ᠠ ᠪᠠᠷ ᠳᠡᠮᠵᠢᠨ᠂ ᠨᠠᠮ ᠤᠨ ᠭᠡᠰᠢᠭᠦᠨ ᠺᠠᠳ᠋ᠷᠴᠤᠳ ᠤᠨ ᠬᠦᠰᠡᠯᠡᠩ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠪᠡ᠃ ᠤᠯᠠᠨ ᠢᠶᠠᠷ ᠢᠶᠠᠨ ᠡᠳᠦᠷ ᠪᠦᠷᠢ ᠤᠢᠢᠷ᠎ᠠ ᠵᠠᠶ ᠠᠴᠠ ᠰᠤᠷᠤᠯᠴᠠᠵᠤ ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠪᠠ᠃ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠠᠰᠢᠭᠯᠠᠨ᠂ ᠪᠢᠳᠡ ᠨᠠᠮ ᠤᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠴᠢᠨᠠᠷ ᠢᠶᠠᠷ ᠰᠢᠯᠢᠳᠡᠭ ᠰᠠᠶᠢᠨ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠡᠩᠨᠡᠭᠡ ᠶᠢ ᠪᠠᠶᠢᠭᠤᠯᠵᠤ᠂ ᠰᠢᠩ ᠾᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠬᠤᠪᠢ ᠨᠡᠮᠡᠷᠢ ᠦᠵᠡᠭᠦᠯᠪᠡ᠃      ᠣᠯᠠᠨ ᠵᠢᠯ ᠤᠨ ᠲᠤᠷᠰᠢ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠳᠡᠭᠡᠳᠦ ᠬᠡᠮᠵᠢᠶ᠎ᠡ ᠪᠠᠷ ᠢᠮᠠᠭᠲᠠ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠶᠢᠨ ᠬᠡᠷᠡᠭᠯᠡᠯᠲᠡ ᠶᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠤᠨ ᠲᠥᠪᠯᠡᠷᠡᠭᠦᠯᠬᠦ ᠪᠠ ᠬᠥᠲᠥᠯᠦᠨ ᠳᠠᠭᠠᠭᠤᠯᠬᠤ  ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠯᠪᠡᠷᠢ ᠶᠢᠨ ᠰᠢᠨ᠎ᠡ ᠶᠢ ᠢᠳᠡᠪᠬᠢᠲᠡᠶ ᠪᠠᠷ ᠡᠭᠦᠳᠴᠦ᠂ ᠰᠤᠷᠤᠯᠴᠠᠯᠭ᠎ᠠ ᠶᠢ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠤᠨ ᠢᠳᠡᠪᠬᠢᠵᠢᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠦᠨᠡᠨ ᠬᠦ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠦᠵᠡᠯ ᠰᠠᠨᠠᠭᠠᠨ ᠤ ︽ᠵᠠᠮᠴᠢᠯᠠᠬᠤ ᠪᠠᠭᠠᠵᠢ︾᠂ ᠮᠡᠳᠡᠯᠭᠡ ᠶᠢᠨ ᠲᠠᠯ᠎ᠠ ᠶᠢᠨ ︽ᠲᠣᠰᠣ ᠨᠡᠮᠡᠬᠦ ᠥᠷᠲᠡᠭᠡ︾᠂ ᠠᠵᠢᠯᠯᠠᠭᠠᠨ ᠤ ᠲᠠᠯ᠎ᠠ ᠶᠢᠨ ︽ᠵᠦᠭᠯᠡᠭᠦᠷ︾ ᠪᠣᠯᠭᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3