ᠯᠢ ᠺᠠᠢ ᠳ᠋ᠦᠩ ᠪᠦᠯᠬᠦᠮ ᠳᠠᠭᠠᠭᠤᠯᠤᠨ ᠾᠧᠪᠸᠢ ᠮᠤᠵᠢ᠂ ᠱᠠᠨᠳᠦ᠋ᠩ ᠮᠤᠵᠢ᠂ ᠾᠧᠨᠠᠨ ᠮᠤᠵᠢ᠂ ᠬᠤᠪᠸᠢ ᠮᠤᠵᠢ᠂ ᠪᠡᠭᠡᠵᠢᠩ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠵᠠᠢ
ᠨᠡᠶᠢᠲᠡᠯᠡᠭᠰᠡᠨ ᠴᠠᠭ᠄
2023/5/17
     5 ᠰᠠᠷ᠎ᠠ ᠶᠢᠨ 8᠎ ᠤ ᠡᠳᠦᠷ ᠠᠴᠠ 15᠎ ᠤ ᠡᠳᠦᠷ ᠪᠣᠯᠲᠠᠯ᠎ᠠ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠢ ᠳ᠋ᠦᠩ ᠠᠩᠬᠢ ᠳᠠᠭᠠᠭᠤᠯᠤᠨ ᠾᠧᠪᠸᠢ ᠮᠤᠵᠢ᠂ ᠱᠠᠨᠳᠦ᠋ᠩ ᠮᠤᠵᠢ᠂ ᠾᠧᠨᠠᠨ ᠮᠤᠵᠢ᠂ ᠬᠤᠪᠸᠢ ᠮᠤᠵᠢ᠂ ᠪᠡᠭᠡᠵᠢᠩ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ᠃ ᠡᠨᠡ ᠬᠤᠭᠤᠴᠠᠭᠠᠨ ᠳᠤ᠂ ᠯᠢ ᠺᠠᠶ ᠳ᠋ᠦᠩ ᠨᠡᠷ ᠤᠷᠢᠳ ᠬᠤᠵᠢᠳ ᠣᠲᠣ ᠦᠶ᠎ᠡ ᠶᠢᠨ ᠲᠠᠷᠢᠶᠠᠯᠠᠩ᠂ ᠠᠮᠢᠳᠤ ᠪᠣᠳᠠᠰ ᠤᠨ ᠡᠮ ᠤᠶᠢᠯᠡᠳᠬᠦ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠳᠠᠬᠢ ᠣᠯᠠᠨ ᠭᠤᠤᠯᠳᠠᠯᠭ᠎ᠠ ᠲᠠᠢ ᠠᠵᠤ ᠠᠬᠤᠶᠢᠯᠠᠯ ᠢ ᠰᠤᠷᠪᠤᠯᠵᠢᠯᠠᠭᠰᠠᠨ ᠪᠥᠭᠡᠳ ᠠᠵᠤ ᠠᠬᠤᠶᠢᠯᠠᠯ ᠤᠨ ᠪᠠᠯᠠ ᠣᠷᠣᠭᠤᠯᠬᠤ ᠪᠠᠷ ᠪᠠᠶᠢᠭ᠎ᠠ ᠵᠤᠶᠢᠯᠡᠰ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ ᠵᠥᠪᠳᠡᠯᠴᠡᠪᠡ᠃ ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠵᠤᠤ ᠬᠤᠢ ᠵᠢᠤᠢ᠂ ᠵᠧᠦ ᠷᠦᠢ ᠵᠢᠶᠦ᠋ᠨ᠂ ᠡᡁᠸᠥ ᠶᠢᠩ᠂ ᠭᠧᠩ ᠮᠧᠢ ᠶᠠᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃        ᠯᠢ ᠺᠠᠶ ᠳ᠋ᠦᠩ ᠨᠡᠷ ᠬᠦᠷᠦᠭᠰᠡᠨ ᠭᠠᠵᠠᠷ ᠪᠣᠯᠭᠠᠨ ᠳᠤ ᠴᠥᠮ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢᠨ ᠬᠠᠮᠲᠤ ᠠᠵᠤ ᠠᠬᠤᠶᠢᠯᠠᠯ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠳᠤ ᠰᠢᠩ ᠾᠧ ᠰᠢᠶᠠᠨ ᠢ ᠤᠬᠠᠭᠤᠯᠤᠨ ᠲᠠᠨᠢᠯᠴᠠᠭᠤᠯᠵᠤ᠂ ᠬᠠᠮᠲᠤᠷᠠᠨ ᠠᠵᠢᠯᠯᠠᠬᠤ ᠰᠠᠨᠠᠭ᠎ᠠ ᠪᠠᠨ ᠵᠥᠪᠳᠡᠯᠴᠡᠳᠡᠭ᠃          ᠯᠢ ᠺᠠᠢ ᠳ᠋ᠦᠩ ᠵᠢᠭᠠᠵᠤ  ᠭᠠᠷᠭᠠᠭᠰᠠᠨ ᠨᠢ᠂ ᠰᠢᠩ ᠡᡁᠧ ᠰᠢᠶᠠᠨ ᠣᠷᠣᠨ ᠪᠠᠶᠢᠷᠢ᠂ ᠵᠠᠮ ᠬᠠᠷᠢᠯᠴᠠᠭ᠎ᠠ᠂ ᠡᠬᠢ ᠪᠠᠶᠠᠯᠢᠭ ᠵᠡᠷᠭᠡ ᠳᠠᠪᠠᠭᠤᠯᠢᠭ ᠲᠠᠭᠠᠨ ᠰᠠᠭᠤᠷᠢᠯᠠᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ ᠪᠠᠶᠢᠨ᠎ᠠ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠰᠢᠩ ᠾᠧ ᠰᠢᠶᠠᠨ ᠲᠠᠢ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠰᠠᠨᠠᠮᠵᠢ ᠲᠠᠢ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠰᠢᠩ ᠡᡁᠧ ᠰᠢᠶᠠᠨ ᠤ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠡᠯᠡ ᠣᠷᠣᠭᠤᠯᠤᠭᠴᠢᠳ ᠲᠤ ᠰᠠᠶᠢᠨ ᠰᠠᠶᠢᠬᠠᠨ ᠠᠵᠢᠯ ᠠᠮᠢᠳᠤᠷᠠᠯ ᠤᠨ ᠨᠥᠬᠦᠴᠡᠯ ᠪᠦᠷᠢᠯᠳᠦᠭᠦᠯᠵᠦ ᠥᠭᠭᠦᠨ᠎ᠡ᠃        ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠩ ᠡᡁᠧ ᠰᠢᠶᠠᠨ ᠤ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠰᠠᠶᠢᠨ᠂ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠨᠥᠬᠦᠴᠡᠯ ᠳᠠᠪᠠᠭᠤᠯᠢᠭ ᠂ ᠬᠥᠭᠵᠢᠯᠲᠡ ᠶᠢᠨ ᠬᠠᠨᠳᠤᠰᠢ ᠴᠢᠩᠭ᠎ᠠ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠢᠩ ᠡᡁᠧ ᠰᠢᠶᠠᠨ ᠲᠠᠢ ᠰᠣᠯᠢᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠡᠭᠦᠳᠬᠦ ᠪᠣᠯᠤᠨ᠎ᠠ ᠭᠡᠵᠦ ᠢᠯᠡᠳᠬᠡᠪᠡ᠃            ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3