ᠣᠳᠣᠬᠠᠨ ᠳᠤ ᠬᠤᠪᠢ ᠬᠥᠮᠦᠨ ᠤ ᠬᠠᠮᠠᠭᠠᠯᠠᠯᠲᠠ ᠶᠢ ᠬᠡᠷᠬᠢᠨ ᠰᠠᠶᠢᠲᠤᠷ ᠬᠢᠬᠦ ᠪᠣᠶ︖ ᠮᠡᠷᠭᠡᠵᠢᠯᠲᠡᠨ ᠨᠡᠷ ᠤᠨ ᠶᠠᠭᠤ ᠬᠡᠯᠡᠭᠰᠡᠨ ᠢ ᠰᠣᠨᠣᠰᠤᠶ᠎ᠠ ᠁
ᠨᠡᠶᠢᠲᠡᠯᠡᠭᠰᠡᠨ ᠴᠠᠭ᠄
2023/5/17
     ᠣᠳᠣᠬᠠᠨ ᠳᠤ ᠳᠡᠯᠭᠡᠷᠡᠵᠦ ᠪᠠᠶᠢᠭ᠎ᠠ XBB ᠰᠢᠰᠲ᠋ᠧᠮ ᠤᠨ ᠣᠨᠳᠣᠣᠰᠢᠭᠰᠠᠨ ᠰᠠᠭᠤᠷᠢ ᠪᠣᠯ ᠰᠢᠨ᠎ᠡ ᠲᠢᠲᠢᠮ ᠤᠨ ᠸᠢᠷᠦ᠋ᠰ ᠤᠨ ᠤᠮᠢᠺ ᠷᠦᠩ ᠤᠨ ᠳᠠᠬᠢᠨ ᠨᠡᠶᠢᠯᠡᠯᠲᠡ ᠶᠢᠨ ᠣᠨᠳᠣᠣᠰᠢᠭᠰᠠᠨ ᠰᠠᠭᠤᠷᠢ ᠪᠣᠯᠤᠨ᠎ᠠ᠃ ᠰᠤᠳᠤᠯᠭᠠᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠠᠩᠬᠠᠨ ᠤ ᠦᠶ᠎ᠡ ᠳᠤ ᠳᠡᠯᠭᠡᠷᠡᠵᠦ ᠪᠠᠶᠢᠭᠰᠠᠨ ᠤᠮᠢᠺᠤᠷᠦ᠋ᠡᠭ ᠤᠨ ᠣᠨᠳᠣᠣᠰᠢᠭᠰᠠᠨ ᠤᠷᠭᠤᠮᠠᠯ ᠲᠠᠢ ᠠᠳᠠᠯᠢᠳᠬᠠᠪᠠᠯ᠂ ᠲᠡᠭᠦᠨ ᠤ ᠤᠯᠠᠮᠵᠢᠯᠠᠨ ᠲᠠᠷᠬᠠᠭᠠᠬᠤ ᠴᠢᠳᠠᠪᠤᠷᠢ ᠪᠠ ᠡᠭᠡᠯᠢᠯᠡᠭᠡ ᠶᠢᠨ ᠵᠢᠭᠤᠲᠠᠬᠤ ᠴᠢᠳᠠᠪᠤᠷᠢ ᠨᠢ ᠴᠥᠮ ᠴᠢᠩᠭ᠎ᠠ ᠪᠠᠶᠢᠳᠠᠭ᠂ ᠭᠡᠪᠡᠴᠦ ᠡᠪᠡᠳᠴᠢᠯᠡᠭᠦᠯᠬᠦ ᠴᠢᠳᠠᠪᠤᠷᠢ ᠨᠢ ᠢᠯᠡᠷᠬᠡᠶ ᠬᠤᠪᠢᠷᠠᠯᠲᠠ ᠭᠠᠷᠤᠭᠰᠠᠨ ᠥᠬᠡᠶ᠃ ᠬᠢᠵᠢᠭ ᠤᠨ ᠪᠠᠶᠢᠳᠠᠯ ᠳᠤ ᠰᠢᠨᠵᠢᠯᠡᠬᠦ ᠤᠬᠠᠭᠠᠨᠴᠢ ᠪᠠᠷ ᠬᠠᠨᠳᠤᠵᠤ᠂ ᠨᠢᠭᠡᠨᠲᠡ ᠪᠤᠢ ᠪᠣᠯᠤᠭᠰᠠᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃      ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠠᠯᠠᠭᠠᠨ ᠤ ᠡᠷᠬᠢᠯᠡᠭᠴᠢ ᠸᠠᠩ ᠬᠦᠶ ᠴᠢᠶᠠᠩ ᠤᠨ ᠦᠵᠡᠬᠦ ᠪᠠᠷ᠂ ᠤᠤᠯ ᠨᠢ ᠬᠠᠯᠳᠠᠪᠤᠷᠢᠯᠠᠭᠰᠠᠨ ᠥᠬᠡᠶ ᠬᠥᠮᠦᠰ᠂ ᠥᠨᠳᠥᠷ ᠨᠠᠰᠤᠲᠠᠶ ᠨᠠᠰᠤᠲᠠᠨ᠂ ᠸᠠᠺᠼᠢᠨ ᠳᠠᠷᠢᠭᠤᠯᠤᠭᠰᠠᠨ ᠥᠬᠡᠶ ᠬᠥᠮᠦᠰ᠂ ᠰᠠᠭᠤᠷᠢ ᠡᠪᠡᠳᠴᠢᠨ ᠲᠠᠢ ᠬᠥᠮᠦᠰ ᠪᠣᠯ ᠡᠮᠴᠢᠯᠡᠭᠡᠨ ᠳᠤ ᠳᠡᠭᠡᠳᠦ ᠬᠡᠮᠵᠢᠶ᠎ᠡ ᠪᠠᠷ ᠠᠩᠬᠠᠷᠤᠯ ᠲᠠᠯᠪᠢᠵᠤ ᠪᠠᠶᠢᠭ᠎ᠠ ᠬᠥᠮᠦᠰ ᠮᠥᠨ᠂ ᠪᠠᠰᠠ ᠴᠤ ᠭᠤᠤᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠴᠢᠬᠤᠯᠠᠲᠠᠶ ᠬᠥᠮᠦᠰ ᠮᠥᠨ᠃ ᠡᠳᠡᠭᠡᠷ ᠬᠥᠮᠦᠰ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠵᠤ᠂ ᠬᠠᠯᠳᠠᠪᠤᠷᠢᠯᠠᠯ ᠠᠴᠠ ᠰᠡᠷᠭᠡᠶᠢᠯᠡᠬᠦ ᠬᠡᠷᠡᠭᠲᠡᠶ᠃      ︽ᠬᠤᠶᠠᠷ ᠠᠷᠭ᠎ᠠ︾᠎ ᠶᠢᠨ ᠡᠪᠡᠳᠴᠢᠨ ᠤ ᠪᠠᠶᠢᠳᠠᠯ ᠮᠠᠰᠢ ᠬᠥᠩᠭᠡᠨ᠂ ᠰᠡᠳᠬᠢᠯ ᠤᠨ ᠪᠠᠶᠢᠳᠠᠯ ᠢᠶᠠᠨ ᠵᠣᠬᠢᠴᠠᠭᠤᠯᠵᠤ ᠠᠷᠭᠠᠴᠠᠨ᠎ᠠ      ︽ᠬᠤᠶᠠᠷ ᠠᠷᠭ᠎ᠠ︾᠎ ᠶᠢᠨ ᠡᠪᠡᠳᠴᠢᠨ ᠤ ᠢᠯᠡᠷᠡᠯ ᠨᠢ ᠮᠠᠰᠢ ᠬᠥᠩᠭᠡᠨ᠂ ᠬᠢᠲᠠᠳ ᠡᠮᠨᠡᠯᠭᠡ ᠶᠢᠨ ᠲᠠᠯ᠎ᠠ ᠠᠴᠠ ᠠᠪᠴᠤ ᠦᠵᠡᠪᠡᠯ᠂ ᠲᠡᠷᠡ ᠨᠢ ᠰᠠᠯᠬᠢᠨ ᠬᠠᠯᠠᠭᠤᠨ ᠬᠢᠮᠤᠷᠠᠭ᠎ᠠ ᠳᠤ ᠪᠠᠭᠲᠠᠵᠤ᠂ ᠰᠠᠯᠬᠢᠨ ᠬᠠᠯᠠᠭᠤᠨ ᠬᠢᠮᠤᠷᠠᠭ᠎ᠠ ᠶᠢᠨ ᠣᠨᠴᠠᠯᠢᠭ ᠢᠯᠡᠷᠡᠨ᠎ᠡ᠃ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠳᠠᠷᠤᠭ᠎ᠠ ᠯᠢᠦ ᠴᠢᠩ ᠴᠢᠤᠸᠠᠨ ᠤ ᠵᠠᠳᠠᠯᠤᠭᠰᠠᠨ ᠢᠶᠠᠷ᠂ ᠣᠲᠣ ᠮᠠᠰᠢ ᠣᠯᠠᠨ ᠭᠠᠵᠠᠷ ᠲᠤ ᠬᠠᠪᠤᠷ ᠠᠴᠠ ᠵᠣᠨ ᠪᠣᠯᠵᠣ᠂ ᠠᠭᠤᠷ ᠠᠮᠢᠰᠬᠤᠯ ᠠᠭᠠᠵᠢᠮ ᠢᠶᠠᠷ ᠠᠭᠠᠭᠢᠮ᠎ᠠ ᠬᠠᠯᠠᠭᠤᠨ ᠪᠣᠯᠵᠣ᠂ ᠰᠠᠯᠬᠢ ᠬᠠᠯᠠᠭᠤᠨ ᠠᠴᠠ ᠪᠣᠯᠵᠣ ᠡᠪᠡᠳᠴᠢᠨ ᠡᠮᠭᠡᠭ ᠨᠡᠮᠡᠭᠳᠡᠬᠦ ᠪᠣᠯᠤᠨ᠎ᠠ᠃ ᠬᠤᠶᠠᠳᠠᠬᠢ ᠤᠳᠠᠭ᠎ᠠ ᠬᠠᠯᠳᠠᠪᠤᠷᠢᠯᠠᠭᠰᠠᠨ ᠤ ᠳᠠᠷᠠᠭ᠎ᠠ ᠰᠠᠯᠬᠢᠨ ᠬᠠᠯᠠᠭᠤᠨ ᠲᠠᠭᠰᠢᠭᠤᠷ ᠤᠨ ᠡᠪᠡᠳᠴᠢᠨ ᠤ ᠢᠯᠡᠷᠡᠯ ᠭᠠᠷᠳᠠᠭ᠂ ᠵᠢᠱᠢᠶᠡᠯᠡᠪᠡᠯ ᠬᠤᠭᠤᠯᠠᠶ ᠡᠪᠡᠳᠬᠦ᠂ ᠪᠠᠭ᠎ᠠ ᠬᠠᠨᠢᠶᠠᠬᠤ᠂ ᠪᠠᠭ᠎ᠠ ᠬᠠᠯᠠᠭᠤᠷᠠᠬᠤ ᠵᠡᠷᠭᠡ ᠪᠣᠯᠤᠨ᠎ᠠ᠂ ᠬᠢᠲᠠᠳ ᠡᠮᠨᠡᠯᠭᠡ ᠶᠢᠨ ᠰᠠᠯᠬᠢᠨ ᠬᠠᠯᠠᠭᠤᠨ ᠲᠠᠭᠰᠢᠭᠤᠷ ᠢ ᠵᠠᠰᠠᠬᠤ ᠡᠮ ᠢ ᠬᠡᠷᠡᠭᠯᠡᠪᠡᠯ ᠮᠠᠰᠢ ᠲᠤᠰᠠᠲᠠᠶ᠂ ᠵᠢᠱᠢᠶᠡᠯᠡᠪᠡᠯ ᠬᠠᠯᠠᠭᠤᠨ ᠢ ᠠᠷᠢᠯᠭᠠᠬᠤ᠂ ᠬᠡᠢ ᠶᠢ ᠲᠠᠷᠬᠠᠭᠠᠵᠤ ᠴᠠᠭ ᠢ ᠲᠠᠶᠢᠯᠬᠤ᠂ ᠵᠠᠯᠭᠢᠭᠤᠷ ᠬᠤᠭᠤᠯᠠᠶ ᠳᠤ ᠲᠤᠰᠠᠲᠠᠶ ᠡᠮ ᠵᠡᠷᠭᠡ ᠪᠣᠯᠤᠨ᠎ᠠ᠃ ᠳᠣᠣᠷ᠎ᠠ ᠬᠠᠯᠠᠭᠤᠷᠠᠭᠴᠢ ᠡᠳᠡᠭᠡᠷ ᠡᠮ ᠢ ᠬᠡᠷᠡᠭᠯᠡᠪᠡᠯ ᠪᠦᠬᠦ ᠪᠡᠶ᠎ᠡ ᠶᠢᠨ ᠰᠢᠨᠵᠢ ᠲᠡᠮᠳᠡᠭ ᠨᠢ ᠠᠭᠠᠵᠢᠮ ᠢᠶᠠᠷ ᠠᠷᠢᠯᠤᠨ᠎ᠠ᠃      ᠯᠢᠦ ᠴᠢᠩ ᠴᠢᠤᠸᠠᠨ ᠬᠡᠯᠡᠬᠦ ᠳᠡᠭᠡᠨ᠂ ᠬᠤᠶᠠᠳᠠᠬᠢ ᠤᠳᠠᠭᠠᠨ ᠤ ᠬᠠᠯᠳᠠᠪᠤᠷᠢᠯᠠᠯ ᠤᠨ ᠪᠠᠶᠢᠳᠠᠯ ᠳᠤ ᠴᠢᠭᠯᠡᠭᠦᠯᠦᠨ ᠣᠯᠠᠨ ᠢᠶᠠᠷ ᠢᠶᠠᠨ ᠠᠶᠤᠵᠤ ᠰᠠᠨᠳᠤᠷᠤᠭᠰᠠᠨ ᠤ ᠬᠡᠷᠡᠭ ᠥᠬᠡᠶ ᠭᠡᠵᠡᠶ᠃ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠭᠠᠷ ᠢᠶᠠᠨ ᠰᠠᠶᠢᠲᠤᠷ ᠤᠬᠢᠶᠠᠵᠤ᠂ ᠬᠥᠮᠦᠨ ᠬᠠᠷ᠎ᠠ ᠴᠤᠭᠯᠠᠷᠠᠭᠰᠠᠨ ᠭᠠᠵᠠᠷ ᠲᠤ ᠣᠴᠢᠬᠤ ᠠᠴᠠ ᠵᠠᠶᠢᠯᠠᠰᠬᠢᠵᠦ᠂ ᠴᠣᠩᠬᠤ ᠪᠠᠨ ᠢᠯᠡᠭᠦᠬᠡᠨ ᠨᠡᠭᠡᠭᠡᠵᠦ ᠰᠠᠯᠬᠢ ᠨᠡᠪᠲᠡᠷᠡᠭᠦᠯᠬᠦ ᠬᠡᠷᠡᠭᠲᠡᠶ᠃      ᠢᠳᠡᠭᠡᠨ ᠤᠮᠳᠠᠭᠠᠨ ᠤ ᠡᠷᠡᠭᠦᠯ ᠴᠢᠭᠢᠷᠠᠭ ᠢ ᠪᠠᠲᠤᠯᠠᠨ᠂ ᠬᠠᠷᠠᠰᠤ ᠢᠳᠡᠭᠡᠨ ᠤᠮᠳᠠᠭᠠᠨ ᠢ ᠬᠢᠵᠦ ᠳᠡᠶᠢᠯᠦᠨ᠎ᠡ       ᠢᠳᠡᠭᠡᠨ ᠤᠮᠳᠠᠭᠠᠨ ᠢ ᠡᠷᠡᠭᠦᠯ ᠪᠠᠶᠢᠯᠭᠠᠬᠤ ᠶᠢᠨ ᠲᠤᠯᠠᠳᠠ ᠬᠠᠷᠠᠰᠤ ᠢᠳᠡᠭᠡᠨ ᠤᠮᠳᠠᠭᠠᠨ ᠢ ᠢᠳᠡᠪᠡᠯ ᠬᠠᠮᠤᠭ ᠰᠠᠶᠢᠨ᠃  ᠯᠢᠦ ᠴᠢᠩ ᠴᠢᠤᠸᠠᠨ ᠬᠡᠯᠡᠬᠦ ᠳᠡᠭᠡᠨ᠂ ᠬᠢᠲᠠᠳ ᠡᠮᠨᠡᠯᠭᠡ ᠶᠢᠨ ᠡᠭᠦᠳᠡᠨ ᠠᠴᠠ ᠦᠵᠡᠪᠡᠯ᠂ ᠰᠠᠯᠬᠢᠨ ᠬᠠᠯᠠᠭᠤᠨ ᠠᠴᠠ ᠪᠣᠯᠤᠭᠰᠠᠨ ᠬᠢᠮᠤᠷᠠᠭ᠎ᠠ ᠳᠤ ᠬᠠᠮᠤᠭ ᠤᠨ ᠠᠮᠠᠷᠬᠠᠨ ᠬᠠᠯᠳᠠᠳᠠᠭ ᠨᠢ ᠬᠠᠯᠠᠭᠤᠨ ᠤ ᠬᠡᠮ ᠳᠣᠲᠣᠷ᠎ᠠ ᠬᠤᠷᠠᠮᠳᠤᠭᠰᠠᠨ ᠬᠥᠮᠦᠰ ᠪᠣᠯᠤᠨ᠎ᠠ᠃ ᠦᠷᠭᠦᠯᠵᠢ ᠬᠦᠨᠳᠦ ᠲᠣᠰᠣ᠂ ᠬᠦᠨᠳᠦ ᠭᠤᠱᠤᠭᠤᠨ᠂ ᠬᠦᠨᠳᠦ ᠳᠠᠪᠤᠰᠤᠨ ᠤ ᠲᠥᠷᠥᠯ ᠤᠨ ᠢᠳᠡᠭᠡᠨ ᠢ ᠢᠳᠡᠪᠡᠯ᠂ ᠮᠠᠰᠢ ᠲᠦᠷᠭᠡᠨ ᠢᠶᠠᠷ ᠪᠡᠶ᠎ᠡ ᠶᠢᠨ ᠳᠣᠲᠣᠭᠠᠳᠤ ᠳᠤ ᠢᠯᠴᠢ ᠬᠤᠷᠠᠵᠤ᠂ ᠠᠮᠠᠷᠬᠠᠨ ᠬᠢᠮᠤᠷᠠᠬᠤ ᠪᠤᠶᠤ ᠰᠢᠨ᠎ᠡ ᠲᠢᠲᠢᠮ ᠤᠨ ᠸᠢᠷᠦ᠋ᠰ ᠲᠤ ᠨᠡᠷᠪᠡᠭᠳᠡᠨ᠎ᠡ᠃ ᠡᠶᠢᠮᠦ ᠠᠴᠠ ᠢᠳᠡᠭᠡᠨ ᠤᠮᠳᠠᠭᠠᠨ ᠢ ᠬᠥᠩᠭᠡᠨ ᠪᠠᠶᠢᠯᠭᠠᠵᠤ᠂ ᠬᠤᠳᠣᠭᠤᠳᠣ ᠭᠡᠳᠡᠰᠦᠨ ᠤ ᠠᠷᠢᠭᠤᠨ ᠴᠡᠪᠡᠷ ᠢ ᠪᠠᠲᠤᠯᠠᠵᠤ᠂ ᠬᠤᠳᠣᠭᠤᠳᠣ ᠭᠡᠳᠡᠰᠦᠨ ᠳᠤ ᠬᠠᠯᠠᠭᠤᠨ ᠬᠤᠷᠠᠬᠤ ᠠᠴᠠ ᠰᠡᠷᠭᠡᠶᠢᠯᠡᠪᠡᠯ᠂ ᠳᠠᠬᠢᠨ ᠬᠠᠯᠳᠠᠪᠤᠷᠢᠯᠠᠬᠤ ᠨᠣᠷᠮ᠎ᠠ ᠨᠢ ᠳᠠᠷᠤᠶ ᠪᠠᠭᠤᠷᠠᠬᠤ ᠪᠣᠯᠤᠮᠵᠢ ᠲᠠᠢ ᠶᠤᠮ᠂ ᠡᠶᠢᠮᠦ ᠠᠴᠠ ᠢᠳᠡᠭᠡᠨ ᠤᠮᠳᠠᠭᠠᠨ ᠢ ᠬᠥᠩᠭᠡᠨ ᠪᠠᠶᠢᠯᠭᠠᠵᠤ᠂ ᠬᠤᠳᠣᠭᠤᠳᠣ ᠭᠡᠳᠡᠰᠦᠨ ᠤ ᠠᠷᠢᠭᠤᠨ ᠴᠡᠪᠡᠷ ᠢ ᠪᠠᠲᠤᠯᠠᠬᠤ ᠬᠡᠷᠡᠭᠲᠡᠶ᠃      ᠬᠡᠦᠬᠡᠳ ᠪᠠᠭᠠᠴᠤᠳ ᠲᠦᠷᠭᠡᠨ ᠬᠤᠭᠤᠯᠠ ᠪᠠᠭ᠎ᠠ ᠢᠳᠡᠵᠦ᠂ ᠨᠡᠭᠦᠷᠡᠰᠦᠬᠦ᠋ᠴᠢᠯ ᠤᠨ ᠤᠮᠳᠠᠭᠠᠨ ᠢ ᠪᠠᠭ᠎ᠠ ᠤᠤᠭᠤᠬᠤ ᠬᠡᠷᠡᠭᠲᠡᠢ      ᠬᠡᠤᠬᠡᠳ ᠪᠠᠭᠠᠴᠤᠳ ᠲᠤ ᠠᠪᠴᠤ ᠬᠡᠯᠡᠪᠡᠯ᠂ ᠲᠦᠷᠭᠡᠨ ᠬᠤᠭᠤᠯᠠ ᠪᠠᠭ᠎ᠠ ᠢᠳᠡᠵᠦ᠂ ᠨᠡᠭᠦᠷᠡᠰᠦᠬᠦ᠋ᠴᠢᠯ ᠤᠨ ᠤᠮᠳᠠᠭᠠᠨ ᠢ ᠪᠠᠭ᠎ᠠ ᠤᠤᠭᠤᠬᠤ ᠬᠡᠷᠡᠭᠲᠡᠶ᠃ ᠬᠡᠦᠬᠡᠳ ᠪᠠᠭᠠᠴᠤᠳ ᠪᠦᠷ ᠬᠠᠯᠠᠭᠤᠨ ᠴᠢᠨᠠᠷ ᠲᠠᠢ ᠪᠡᠶ᠎ᠡ ᠮᠠᠬᠠᠪᠣᠳ ᠲᠠᠢ ᠪᠠᠶᠢᠵᠤ᠂ ᠦᠷᠭᠦᠯᠵᠢ ᠲᠦᠷᠭᠡᠨ ᠬᠤᠭᠤᠯᠠ ᠢᠳᠡᠵᠦ᠂ ᠨᠡᠭᠦᠷᠡᠰᠦᠬᠦ᠋ᠴᠢᠯ ᠤᠨ ᠤᠮᠳᠠᠭᠠᠨ ᠤᠤᠭᠤᠭᠰᠠᠨ ᠤ ᠰᠡᠭᠦᠯᠡᠷ᠂ ᠪᠡᠶ᠎ᠡ ᠶᠢᠨ ᠳᠣᠲᠣᠭᠠᠳᠤ ᠳᠤ ᠢᠯᠴᠢ ᠬᠤᠷᠠᠵᠤ᠂ ᠰᠢᠨ᠎ᠡ ᠲᠢᠲᠢᠮ ᠤᠨ ᠸᠢᠷᠦ᠋ᠰ ᠲᠤ ᠨᠡᠷᠪᠡᠭᠳᠡᠬᠦ ᠨᠤᠷᠮ᠎ᠠ ᠨᠢ ᠶᠡᠭᠡ ᠪᠠᠷ ᠨᠡᠮᠡᠭᠳᠡᠳᠡᠭ᠃ ᠲᠡᠳᠡᠨ ᠤ ᠬᠠᠯᠳᠠᠪᠤᠷᠢ ᠣᠯᠤᠭᠰᠠᠨ ᠤ ᠳᠠᠷᠠᠭ᠎ᠠ ᠭᠠᠳᠠᠭᠰᠢ ᠬᠠᠯᠳᠠᠪᠤᠷᠢᠯᠠᠬᠤ ᠨᠤᠷᠮ᠎ᠠ ᠨᠢ ᠨᠡᠮᠡᠭᠳᠡᠳᠡᠭ᠂ ᠤᠴᠢᠷ ᠨᠢ ᠬᠡᠦᠬᠡᠳ ᠤᠨ ᠰᠤᠷᠭᠠᠭᠤᠯᠢ ᠳᠤ ᠰᠤᠷᠤᠯᠴᠠᠬᠤ ᠪᠠ ᠬᠥᠳᠡᠯᠭᠡᠭᠡᠨ ᠬᠢᠬᠦ ᠦᠶ᠎ᠡ ᠳᠤ ᠣᠶᠢᠷᠠᠳᠬᠤ ᠬᠥᠮᠦᠨ ᠨᠢ ᠣᠯᠠᠰᠢᠷᠠᠵᠤ᠂ ᠨᠡᠩ ᠠᠮᠠᠷᠬᠠᠨ ᠬᠠᠯᠳᠠᠪᠤᠷᠢᠯᠠᠳᠠᠭ᠃ ᠠᠵᠢᠯᠯᠠᠵᠤ ᠠᠮᠠᠷᠠᠬᠤ ᠶᠢᠨ ᠵᠢᠮ᠎ᠡ ᠶᠣᠰᠣ ᠶᠢ ᠪᠠᠷᠢᠮᠲᠠᠯᠠᠵᠤ᠂ ᠡᠷᠲᠡ ᠤᠨᠲᠠᠵᠤ᠂ ᠢᠳᠡᠭᠡᠨ ᠤᠮᠳᠠᠭᠠᠨ ᠤ ᠲᠠᠯ᠎ᠠ ᠪᠠᠷ ᠰᠤᠯᠠ ᠪᠠᠶᠢᠬᠤ ᠬᠡᠷᠡᠭᠲᠡᠶ᠃      ᠨᠠᠰᠤᠲᠠᠶᠢᠴᠤᠳ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ      ᠳᠤᠮᠳᠠᠳᠤ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠯᠠᠮᠵᠢᠯᠠᠨ ᠰᠡᠷᠭᠡᠶᠢᠯᠡᠬᠦ ᠭᠠᠵᠠᠷ ᠤᠨ ᠰᠤᠳᠤᠯᠤᠭᠴᠢ ᠸᠠᠩ ᠯᠢ ᠫᠢᠩ ᠬᠡᠯᠡᠬᠦ ᠳᠡᠭᠡᠨ᠂ ︽ᠬᠥᠬᠡᠭᠴᠢᠨ ᠲᠦᠷᠦᠯ ᠤᠨ ᠬᠥᠬᠡᠭᠴᠢᠨ ᠬᠤᠭᠤᠯᠠᠶ︾᠎ ᠳᠤ ᠤᠷᠤᠭᠰᠠᠨ ᠤ ᠲᠠᠷᠠᠭ᠎ᠠ᠂ ᠮᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠷᠠᠯᠲᠠ ᠪᠣᠯ ᠡᠷᠡᠭᠦᠯ ᠮᠡᠨᠳᠤ ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠶᠠᠪᠤᠳᠠᠯ ᠪᠣᠯᠤᠨ᠎ᠠ᠂ ᠡᠶᠢᠮᠦ ᠠᠴᠠ ᠬᠦᠨᠳᠦ ᠡᠪᠡᠳᠴᠢᠨ ᠲᠠᠢ ᠪᠥᠭᠡᠳ ᠠᠶᠤᠯ ᠲᠦᠭᠰᠢᠭᠦᠷᠢ ᠶᠡᠬᠡᠲᠡᠶ ᠬᠥᠮᠦᠰ᠂ ᠵᠢᠱᠢᠶᠡᠯᠡᠪᠡᠯ ᠨᠠᠰᠤᠲᠠᠶᠢᠴᠤᠳ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠰᠠᠭᠤᠷᠢ ᠴᠢᠨᠠᠷᠲᠠᠶ ᠬᠦᠨᠳᠦ ᠡᠪᠡᠳᠴᠢᠨ ᠲᠠᠢ ᠬᠥᠮᠦᠰ ᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠥᠮᠦᠨ ᠤᠯᠠᠨ ᠴᠤᠭᠯᠠᠷᠠᠳᠠᠭ ᠲᠠᠯᠠᠪᠤᠷ ᠲᠤ ᠣᠴᠢᠬᠤ᠂ ᠡᠩ ᠤᠨ ᠦᠶ᠎ᠡ ᠳᠤ ᠭᠠᠷ ᠤᠨ ᠠᠷᠢᠭᠤᠨ ᠴᠡᠪᠡᠷ ᠢ ᠠᠩᠬᠠᠷᠬᠤ᠂ ᠬᠥᠮᠦᠨ ᠤᠯᠠᠨ ᠪᠢᠲᠡᠭᠦᠮᠵᠢᠯᠡᠳᠡᠭ ᠣᠷᠴᠢᠨ ᠲᠣᠭᠤᠷᠢᠨ ᠳᠤ ᠣᠴᠢᠬᠤ᠂ ᠠᠮᠠᠪᠴᠢ ᠵᠡᠭᠦᠬᠦ ᠶᠢ ᠠᠩᠬᠠᠷᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃                               ᠢᠷᠡᠯᠲᠡ᠄  ᠡᠷᠡᠭᠦᠯ ᠴᠢᠬᠢᠷᠠᠭ ᠳᠤᠮᠳᠠᠳᠦ ᠤᠯᠤᠰ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3