ᠣᠳᠣᠬᠠᠨ ᠳᠤ ᠳᠡᠯᠭᠡᠷᠡᠵᠦ ᠪᠠᠶᠢᠭ᠎ᠠ XBB ᠰᠢᠰᠲ᠋ᠧᠮ ᠤᠨ ᠣᠨᠳᠣᠣᠰᠢᠭᠰᠠᠨ ᠰᠠᠭᠤᠷᠢ ᠪᠣᠯ ᠰᠢᠨ᠎ᠡ | ᠲᠢᠲᠢᠮ ᠤᠨ ᠸᠢᠷᠦ᠋ᠰ ᠤᠨ ᠤᠮᠢᠺ ᠷᠦᠩ ᠤᠨ ᠳᠠᠬᠢᠨ ᠨᠡᠶᠢᠯᠡᠯᠲᠡ ᠶᠢᠨ ᠣᠨᠳᠣᠣᠰᠢᠭᠰᠠᠨ ᠰᠠᠭᠤᠷᠢ ᠪᠣᠯᠤᠨ᠎ᠠ᠃ | ᠰᠤᠳᠤᠯᠭᠠᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠠᠩᠬᠠᠨ ᠤ ᠦᠶ᠎ᠡ ᠳᠤ ᠳᠡᠯᠭᠡᠷᠡᠵᠦ ᠪᠠᠶᠢᠭᠰᠠᠨ | ᠤᠮᠢᠺᠤᠷᠦ᠋ᠡᠭ ᠤᠨ ᠣᠨᠳᠣᠣᠰᠢᠭᠰᠠᠨ ᠤᠷᠭᠤᠮᠠᠯ ᠲᠠᠢ ᠠᠳᠠᠯᠢᠳᠬᠠᠪᠠᠯ᠂ ᠲᠡᠭᠦᠨ ᠤ ᠤᠯᠠᠮᠵᠢᠯᠠᠨ ᠲᠠᠷᠬᠠᠭᠠᠬᠤ | ᠴᠢᠳᠠᠪᠤᠷᠢ ᠪᠠ ᠡᠭᠡᠯᠢᠯᠡᠭᠡ ᠶᠢᠨ ᠵᠢᠭᠤᠲᠠᠬᠤ ᠴᠢᠳᠠᠪᠤᠷᠢ ᠨᠢ ᠴᠥᠮ ᠴᠢᠩᠭ᠎ᠠ ᠪᠠᠶᠢᠳᠠᠭ᠂ ᠭᠡᠪᠡᠴᠦ ᠡᠪᠡᠳᠴᠢᠯᠡᠭᠦᠯᠬᠦ | ᠴᠢᠳᠠᠪᠤᠷᠢ ᠨᠢ ᠢᠯᠡᠷᠬᠡᠶ ᠬᠤᠪᠢᠷᠠᠯᠲᠠ ᠭᠠᠷᠤᠭᠰᠠᠨ ᠥᠬᠡᠶ᠃ ᠬᠢᠵᠢᠭ ᠤᠨ ᠪᠠᠶᠢᠳᠠᠯ ᠳᠤ ᠰᠢᠨᠵᠢᠯᠡᠬᠦ ᠤᠬᠠᠭᠠᠨᠴᠢ ᠪᠠᠷ | ᠬᠠᠨᠳᠤᠵᠤ᠂ ᠨᠢᠭᠡᠨᠲᠡ ᠪᠤᠢ ᠪᠣᠯᠤᠭᠰᠠᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ | ᠬᠡᠷᠡᠭᠲᠡᠶ᠃ | ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ | ᠰᠠᠯᠠᠭᠠᠨ ᠤ ᠡᠷᠬᠢᠯᠡᠭᠴᠢ ᠸᠠᠩ ᠬᠦᠶ ᠴᠢᠶᠠᠩ ᠤᠨ ᠦᠵᠡᠬᠦ ᠪᠠᠷ᠂ ᠤᠤᠯ ᠨᠢ ᠬᠠᠯᠳᠠᠪᠤᠷᠢᠯᠠᠭᠰᠠᠨ ᠥᠬᠡᠶ ᠬᠥᠮᠦᠰ᠂ | ᠥᠨᠳᠥᠷ ᠨᠠᠰᠤᠲᠠᠶ ᠨᠠᠰᠤᠲᠠᠨ᠂ ᠸᠠᠺᠼᠢᠨ ᠳᠠᠷᠢᠭᠤᠯᠤᠭᠰᠠᠨ ᠥᠬᠡᠶ ᠬᠥᠮᠦᠰ᠂ ᠰᠠᠭᠤᠷᠢ ᠡᠪᠡᠳᠴᠢᠨ ᠲᠠᠢ ᠬᠥᠮᠦᠰ | ᠪᠣᠯ ᠡᠮᠴᠢᠯᠡᠭᠡᠨ ᠳᠤ ᠳᠡᠭᠡᠳᠦ ᠬᠡᠮᠵᠢᠶ᠎ᠡ ᠪᠠᠷ ᠠᠩᠬᠠᠷᠤᠯ ᠲᠠᠯᠪᠢᠵᠤ ᠪᠠᠶᠢᠭ᠎ᠠ ᠬᠥᠮᠦᠰ ᠮᠥᠨ᠂ ᠪᠠᠰᠠ ᠴᠤ | ᠭᠤᠤᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠴᠢᠬᠤᠯᠠᠲᠠᠶ ᠬᠥᠮᠦᠰ ᠮᠥᠨ᠃ ᠡᠳᠡᠭᠡᠷ ᠬᠥᠮᠦᠰ ᠬᠤᠪᠢ ᠬᠥᠮᠦᠨ ᠤ | ᠬᠠᠮᠠᠭᠠᠯᠠᠯᠲᠠ ᠪᠠᠨ ᠴᠢᠩᠭᠠᠳᠬᠠᠵᠤ᠂ ᠬᠠᠯᠳᠠᠪᠤᠷᠢᠯᠠᠯ ᠠᠴᠠ ᠰᠡᠷᠭᠡᠶᠢᠯᠡᠬᠦ ᠬᠡᠷᠡᠭᠲᠡᠶ᠃ | ︽ᠬᠤᠶᠠᠷ ᠠᠷᠭ᠎ᠠ︾ ᠶᠢᠨ ᠡᠪᠡᠳᠴᠢᠨ ᠤ ᠪᠠᠶᠢᠳᠠᠯ ᠮᠠᠰᠢ ᠬᠥᠩᠭᠡᠨ᠂ ᠰᠡᠳᠬᠢᠯ ᠤᠨ ᠪᠠᠶᠢᠳᠠᠯ ᠢᠶᠠᠨ | ᠵᠣᠬᠢᠴᠠᠭᠤᠯᠵᠤ ᠠᠷᠭᠠᠴᠠᠨ᠎ᠠ | ︽ᠬᠤᠶᠠᠷ ᠠᠷᠭ᠎ᠠ︾ ᠶᠢᠨ ᠡᠪᠡᠳᠴᠢᠨ ᠤ ᠢᠯᠡᠷᠡᠯ ᠨᠢ ᠮᠠᠰᠢ ᠬᠥᠩᠭᠡᠨ᠂ ᠬᠢᠲᠠᠳ ᠡᠮᠨᠡᠯᠭᠡ ᠶᠢᠨ ᠲᠠᠯ᠎ᠠ ᠠᠴᠠ | ᠠᠪᠴᠤ ᠦᠵᠡᠪᠡᠯ᠂ ᠲᠡᠷᠡ ᠨᠢ ᠰᠠᠯᠬᠢᠨ ᠬᠠᠯᠠᠭᠤᠨ ᠬᠢᠮᠤᠷᠠᠭ᠎ᠠ ᠳᠤ ᠪᠠᠭᠲᠠᠵᠤ᠂ ᠰᠠᠯᠬᠢᠨ ᠬᠠᠯᠠᠭᠤᠨ ᠬᠢᠮᠤᠷᠠᠭ᠎ᠠ ᠶᠢᠨ | ᠣᠨᠴᠠᠯᠢᠭ ᠢᠯᠡᠷᠡᠨ᠎ᠡ᠃ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠳᠠᠷᠤᠭ᠎ᠠ ᠯᠢᠦ ᠴᠢᠩ ᠴᠢᠤᠸᠠᠨ ᠤ | ᠵᠠᠳᠠᠯᠤᠭᠰᠠᠨ ᠢᠶᠠᠷ᠂ ᠣᠲᠣ ᠮᠠᠰᠢ ᠣᠯᠠᠨ ᠭᠠᠵᠠᠷ ᠲᠤ ᠬᠠᠪᠤᠷ ᠠᠴᠠ ᠵᠣᠨ ᠪᠣᠯᠵᠣ᠂ ᠠᠭᠤᠷ ᠠᠮᠢᠰᠬᠤᠯ | ᠠᠭᠠᠵᠢᠮ ᠢᠶᠠᠷ ᠠᠭᠠᠭᠢᠮ᠎ᠠ ᠬᠠᠯᠠᠭᠤᠨ ᠪᠣᠯᠵᠣ᠂ ᠰᠠᠯᠬᠢ ᠬᠠᠯᠠᠭᠤᠨ ᠠᠴᠠ ᠪᠣᠯᠵᠣ ᠡᠪᠡᠳᠴᠢᠨ ᠡᠮᠭᠡᠭ ᠨᠡᠮᠡᠭᠳᠡᠬᠦ | ᠪᠣᠯᠤᠨ᠎ᠠ᠃ ᠬᠤᠶᠠᠳᠠᠬᠢ ᠤᠳᠠᠭ᠎ᠠ ᠬᠠᠯᠳᠠᠪᠤᠷᠢᠯᠠᠭᠰᠠᠨ ᠤ ᠳᠠᠷᠠᠭ᠎ᠠ ᠰᠠᠯᠬᠢᠨ ᠬᠠᠯᠠᠭᠤᠨ ᠲᠠᠭᠰᠢᠭᠤᠷ ᠤᠨ | ᠡᠪᠡᠳᠴᠢᠨ ᠤ ᠢᠯᠡᠷᠡᠯ ᠭᠠᠷᠳᠠᠭ᠂ ᠵᠢᠱᠢᠶᠡᠯᠡᠪᠡᠯ ᠬᠤᠭᠤᠯᠠᠶ ᠡᠪᠡᠳᠬᠦ᠂ ᠪᠠᠭ᠎ᠠ ᠬᠠᠨᠢᠶᠠᠬᠤ᠂ ᠪᠠᠭ᠎ᠠ ᠬᠠᠯᠠᠭᠤᠷᠠᠬᠤ | ᠵᠡᠷᠭᠡ ᠪᠣᠯᠤᠨ᠎ᠠ᠂ ᠬᠢᠲᠠᠳ ᠡᠮᠨᠡᠯᠭᠡ ᠶᠢᠨ ᠰᠠᠯᠬᠢᠨ ᠬᠠᠯᠠᠭᠤᠨ ᠲᠠᠭᠰᠢᠭᠤᠷ ᠢ ᠵᠠᠰᠠᠬᠤ ᠡᠮ ᠢ ᠬᠡᠷᠡᠭᠯᠡᠪᠡᠯ ᠮᠠᠰᠢ | ᠲᠤᠰᠠᠲᠠᠶ᠂ ᠵᠢᠱᠢᠶᠡᠯᠡᠪᠡᠯ ᠬᠠᠯᠠᠭᠤᠨ ᠢ ᠠᠷᠢᠯᠭᠠᠬᠤ᠂ ᠬᠡᠢ ᠶᠢ ᠲᠠᠷᠬᠠᠭᠠᠵᠤ ᠴᠠᠭ ᠢ ᠲᠠᠶᠢᠯᠬᠤ᠂ ᠵᠠᠯᠭᠢᠭᠤᠷ | ᠬᠤᠭᠤᠯᠠᠶ ᠳᠤ ᠲᠤᠰᠠᠲᠠᠶ ᠡᠮ ᠵᠡᠷᠭᠡ ᠪᠣᠯᠤᠨ᠎ᠠ᠃ ᠳᠣᠣᠷ᠎ᠠ ᠬᠠᠯᠠᠭᠤᠷᠠᠭᠴᠢ ᠡᠳᠡᠭᠡᠷ ᠡᠮ ᠢ ᠬᠡᠷᠡᠭᠯᠡᠪᠡᠯ ᠪᠦᠬᠦ | ᠪᠡᠶ᠎ᠡ ᠶᠢᠨ ᠰᠢᠨᠵᠢ ᠲᠡᠮᠳᠡᠭ ᠨᠢ ᠠᠭᠠᠵᠢᠮ ᠢᠶᠠᠷ ᠠᠷᠢᠯᠤᠨ᠎ᠠ᠃ | ᠯᠢᠦ ᠴᠢᠩ ᠴᠢᠤᠸᠠᠨ ᠬᠡᠯᠡᠬᠦ ᠳᠡᠭᠡᠨ᠂ ᠬᠤᠶᠠᠳᠠᠬᠢ ᠤᠳᠠᠭᠠᠨ ᠤ ᠬᠠᠯᠳᠠᠪᠤᠷᠢᠯᠠᠯ ᠤᠨ ᠪᠠᠶᠢᠳᠠᠯ ᠳᠤ | ᠴᠢᠭᠯᠡᠭᠦᠯᠦᠨ ᠣᠯᠠᠨ ᠢᠶᠠᠷ ᠢᠶᠠᠨ ᠠᠶᠤᠵᠤ ᠰᠠᠨᠳᠤᠷᠤᠭᠰᠠᠨ ᠤ ᠬᠡᠷᠡᠭ ᠥᠬᠡᠶ ᠭᠡᠵᠡᠶ᠃ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠵᠦ᠂ ᠭᠠᠷ ᠢᠶᠠᠨ ᠰᠠᠶᠢᠲᠤᠷ ᠤᠬᠢᠶᠠᠵᠤ᠂ ᠬᠥᠮᠦᠨ ᠬᠠᠷ᠎ᠠ ᠴᠤᠭᠯᠠᠷᠠᠭᠰᠠᠨ ᠭᠠᠵᠠᠷ ᠲᠤ | ᠣᠴᠢᠬᠤ ᠠᠴᠠ ᠵᠠᠶᠢᠯᠠᠰᠬᠢᠵᠦ᠂ ᠴᠣᠩᠬᠤ ᠪᠠᠨ ᠢᠯᠡᠭᠦᠬᠡᠨ ᠨᠡᠭᠡᠭᠡᠵᠦ ᠰᠠᠯᠬᠢ ᠨᠡᠪᠲᠡᠷᠡᠭᠦᠯᠬᠦ ᠬᠡᠷᠡᠭᠲᠡᠶ᠃ | ᠢᠳᠡᠭᠡᠨ ᠤᠮᠳᠠᠭᠠᠨ ᠤ ᠡᠷᠡᠭᠦᠯ ᠴᠢᠭᠢᠷᠠᠭ ᠢ ᠪᠠᠲᠤᠯᠠᠨ᠂ ᠬᠠᠷᠠᠰᠤ ᠢᠳᠡᠭᠡᠨ ᠤᠮᠳᠠᠭᠠᠨ ᠢ ᠬᠢᠵᠦ ᠳᠡᠶᠢᠯᠦᠨ᠎ᠡ | ᠢᠳᠡᠭᠡᠨ ᠤᠮᠳᠠᠭᠠᠨ ᠢ ᠡᠷᠡᠭᠦᠯ ᠪᠠᠶᠢᠯᠭᠠᠬᠤ ᠶᠢᠨ ᠲᠤᠯᠠᠳᠠ ᠬᠠᠷᠠᠰᠤ ᠢᠳᠡᠭᠡᠨ ᠤᠮᠳᠠᠭᠠᠨ ᠢ ᠢᠳᠡᠪᠡᠯ | ᠬᠠᠮᠤᠭ ᠰᠠᠶᠢᠨ᠃ ᠯᠢᠦ ᠴᠢᠩ ᠴᠢᠤᠸᠠᠨ ᠬᠡᠯᠡᠬᠦ ᠳᠡᠭᠡᠨ᠂ ᠬᠢᠲᠠᠳ ᠡᠮᠨᠡᠯᠭᠡ ᠶᠢᠨ ᠡᠭᠦᠳᠡᠨ ᠠᠴᠠ ᠦᠵᠡᠪᠡᠯ᠂ | ᠰᠠᠯᠬᠢᠨ ᠬᠠᠯᠠᠭᠤᠨ ᠠᠴᠠ ᠪᠣᠯᠤᠭᠰᠠᠨ ᠬᠢᠮᠤᠷᠠᠭ᠎ᠠ ᠳᠤ ᠬᠠᠮᠤᠭ ᠤᠨ ᠠᠮᠠᠷᠬᠠᠨ ᠬᠠᠯᠳᠠᠳᠠᠭ ᠨᠢ ᠬᠠᠯᠠᠭᠤᠨ ᠤ ᠬᠡᠮ | ᠳᠣᠲᠣᠷ᠎ᠠ ᠬᠤᠷᠠᠮᠳᠤᠭᠰᠠᠨ ᠬᠥᠮᠦᠰ ᠪᠣᠯᠤᠨ᠎ᠠ᠃ ᠦᠷᠭᠦᠯᠵᠢ ᠬᠦᠨᠳᠦ ᠲᠣᠰᠣ᠂ ᠬᠦᠨᠳᠦ ᠭᠤᠱᠤᠭᠤᠨ᠂ ᠬᠦᠨᠳᠦ | ᠳᠠᠪᠤᠰᠤᠨ ᠤ ᠲᠥᠷᠥᠯ ᠤᠨ ᠢᠳᠡᠭᠡᠨ ᠢ ᠢᠳᠡᠪᠡᠯ᠂ ᠮᠠᠰᠢ ᠲᠦᠷᠭᠡᠨ ᠢᠶᠠᠷ ᠪᠡᠶ᠎ᠡ ᠶᠢᠨ ᠳᠣᠲᠣᠭᠠᠳᠤ ᠳᠤ ᠢᠯᠴᠢ | ᠬᠤᠷᠠᠵᠤ᠂ ᠠᠮᠠᠷᠬᠠᠨ ᠬᠢᠮᠤᠷᠠᠬᠤ ᠪᠤᠶᠤ ᠰᠢᠨ᠎ᠡ ᠲᠢᠲᠢᠮ ᠤᠨ ᠸᠢᠷᠦ᠋ᠰ ᠲᠤ ᠨᠡᠷᠪᠡᠭᠳᠡᠨ᠎ᠡ᠃ ᠡᠶᠢᠮᠦ ᠠᠴᠠ ᠢᠳᠡᠭᠡᠨ | ᠤᠮᠳᠠᠭᠠᠨ ᠢ ᠬᠥᠩᠭᠡᠨ ᠪᠠᠶᠢᠯᠭᠠᠵᠤ᠂ ᠬᠤᠳᠣᠭᠤᠳᠣ ᠭᠡᠳᠡᠰᠦᠨ ᠤ ᠠᠷᠢᠭᠤᠨ ᠴᠡᠪᠡᠷ ᠢ ᠪᠠᠲᠤᠯᠠᠵᠤ᠂ ᠬᠤᠳᠣᠭᠤᠳᠣ | ᠭᠡᠳᠡᠰᠦᠨ ᠳᠤ ᠬᠠᠯᠠᠭᠤᠨ ᠬᠤᠷᠠᠬᠤ ᠠᠴᠠ ᠰᠡᠷᠭᠡᠶᠢᠯᠡᠪᠡᠯ᠂ ᠳᠠᠬᠢᠨ ᠬᠠᠯᠳᠠᠪᠤᠷᠢᠯᠠᠬᠤ ᠨᠣᠷᠮ᠎ᠠ ᠨᠢ ᠳᠠᠷᠤᠶ ᠪᠠᠭᠤᠷᠠᠬᠤ | ᠪᠣᠯᠤᠮᠵᠢ ᠲᠠᠢ ᠶᠤᠮ᠂ ᠡᠶᠢᠮᠦ ᠠᠴᠠ ᠢᠳᠡᠭᠡᠨ ᠤᠮᠳᠠᠭᠠᠨ ᠢ ᠬᠥᠩᠭᠡᠨ ᠪᠠᠶᠢᠯᠭᠠᠵᠤ᠂ ᠬᠤᠳᠣᠭᠤᠳᠣ ᠭᠡᠳᠡᠰᠦᠨ ᠤ | ᠠᠷᠢᠭᠤᠨ ᠴᠡᠪᠡᠷ ᠢ ᠪᠠᠲᠤᠯᠠᠬᠤ ᠬᠡᠷᠡᠭᠲᠡᠶ᠃ | ᠬᠡᠦᠬᠡᠳ ᠪᠠᠭᠠᠴᠤᠳ ᠲᠦᠷᠭᠡᠨ ᠬᠤᠭᠤᠯᠠ ᠪᠠᠭ᠎ᠠ ᠢᠳᠡᠵᠦ᠂ ᠨᠡᠭᠦᠷᠡᠰᠦᠬᠦ᠋ᠴᠢᠯ ᠤᠨ ᠤᠮᠳᠠᠭᠠᠨ ᠢ ᠪᠠᠭ᠎ᠠ | ᠤᠤᠭᠤᠬᠤ ᠬᠡᠷᠡᠭᠲᠡᠢ | ᠬᠡᠤᠬᠡᠳ ᠪᠠᠭᠠᠴᠤᠳ ᠲᠤ ᠠᠪᠴᠤ ᠬᠡᠯᠡᠪᠡᠯ᠂ ᠲᠦᠷᠭᠡᠨ ᠬᠤᠭᠤᠯᠠ ᠪᠠᠭ᠎ᠠ ᠢᠳᠡᠵᠦ᠂ ᠨᠡᠭᠦᠷᠡᠰᠦᠬᠦ᠋ᠴᠢᠯ ᠤᠨ | ᠤᠮᠳᠠᠭᠠᠨ ᠢ ᠪᠠᠭ᠎ᠠ ᠤᠤᠭᠤᠬᠤ ᠬᠡᠷᠡᠭᠲᠡᠶ᠃ ᠬᠡᠦᠬᠡᠳ ᠪᠠᠭᠠᠴᠤᠳ ᠪᠦᠷ ᠬᠠᠯᠠᠭᠤᠨ ᠴᠢᠨᠠᠷ ᠲᠠᠢ ᠪᠡᠶ᠎ᠡ ᠮᠠᠬᠠᠪᠣᠳ ᠲᠠᠢ | ᠪᠠᠶᠢᠵᠤ᠂ ᠦᠷᠭᠦᠯᠵᠢ ᠲᠦᠷᠭᠡᠨ ᠬᠤᠭᠤᠯᠠ ᠢᠳᠡᠵᠦ᠂ ᠨᠡᠭᠦᠷᠡᠰᠦᠬᠦ᠋ᠴᠢᠯ ᠤᠨ ᠤᠮᠳᠠᠭᠠᠨ ᠤᠤᠭᠤᠭᠰᠠᠨ ᠤ ᠰᠡᠭᠦᠯᠡᠷ᠂ | ᠪᠡᠶ᠎ᠡ ᠶᠢᠨ ᠳᠣᠲᠣᠭᠠᠳᠤ ᠳᠤ ᠢᠯᠴᠢ ᠬᠤᠷᠠᠵᠤ᠂ ᠰᠢᠨ᠎ᠡ ᠲᠢᠲᠢᠮ ᠤᠨ ᠸᠢᠷᠦ᠋ᠰ ᠲᠤ ᠨᠡᠷᠪᠡᠭᠳᠡᠬᠦ ᠨᠤᠷᠮ᠎ᠠ ᠨᠢ | ᠶᠡᠭᠡ ᠪᠠᠷ ᠨᠡᠮᠡᠭᠳᠡᠳᠡᠭ᠃ ᠲᠡᠳᠡᠨ ᠤ ᠬᠠᠯᠳᠠᠪᠤᠷᠢ ᠣᠯᠤᠭᠰᠠᠨ ᠤ ᠳᠠᠷᠠᠭ᠎ᠠ ᠭᠠᠳᠠᠭᠰᠢ ᠬᠠᠯᠳᠠᠪᠤᠷᠢᠯᠠᠬᠤ ᠨᠤᠷᠮ᠎ᠠ ᠨᠢ | ᠨᠡᠮᠡᠭᠳᠡᠳᠡᠭ᠂ ᠤᠴᠢᠷ ᠨᠢ ᠬᠡᠦᠬᠡᠳ ᠤᠨ ᠰᠤᠷᠭᠠᠭᠤᠯᠢ ᠳᠤ ᠰᠤᠷᠤᠯᠴᠠᠬᠤ ᠪᠠ ᠬᠥᠳᠡᠯᠭᠡᠭᠡᠨ ᠬᠢᠬᠦ ᠦᠶ᠎ᠡ ᠳᠤ | ᠣᠶᠢᠷᠠᠳᠬᠤ ᠬᠥᠮᠦᠨ ᠨᠢ ᠣᠯᠠᠰᠢᠷᠠᠵᠤ᠂ ᠨᠡᠩ ᠠᠮᠠᠷᠬᠠᠨ ᠬᠠᠯᠳᠠᠪᠤᠷᠢᠯᠠᠳᠠᠭ᠃ ᠠᠵᠢᠯᠯᠠᠵᠤ ᠠᠮᠠᠷᠠᠬᠤ ᠶᠢᠨ ᠵᠢᠮ᠎ᠡ | ᠶᠣᠰᠣ ᠶᠢ ᠪᠠᠷᠢᠮᠲᠠᠯᠠᠵᠤ᠂ ᠡᠷᠲᠡ ᠤᠨᠲᠠᠵᠤ᠂ ᠢᠳᠡᠭᠡᠨ ᠤᠮᠳᠠᠭᠠᠨ ᠤ ᠲᠠᠯ᠎ᠠ ᠪᠠᠷ ᠰᠤᠯᠠ ᠪᠠᠶᠢᠬᠤ ᠬᠡᠷᠡᠭᠲᠡᠶ᠃ | ᠨᠠᠰᠤᠲᠠᠶᠢᠴᠤᠳ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ | ᠳᠤᠮᠳᠠᠳᠤ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠯᠠᠮᠵᠢᠯᠠᠨ ᠰᠡᠷᠭᠡᠶᠢᠯᠡᠬᠦ | ᠭᠠᠵᠠᠷ ᠤᠨ ᠰᠤᠳᠤᠯᠤᠭᠴᠢ ᠸᠠᠩ ᠯᠢ ᠫᠢᠩ ᠬᠡᠯᠡᠬᠦ ᠳᠡᠭᠡᠨ᠂ ︽ᠬᠥᠬᠡᠭᠴᠢᠨ ᠲᠦᠷᠦᠯ ᠤᠨ ᠬᠥᠬᠡᠭᠴᠢᠨ ᠬᠤᠭᠤᠯᠠᠶ︾ | ᠳᠤ ᠤᠷᠤᠭᠰᠠᠨ ᠤ ᠲᠠᠷᠠᠭ᠎ᠠ᠂ ᠮᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠷᠠᠯᠲᠠ ᠪᠣᠯ ᠡᠷᠡᠭᠦᠯ ᠮᠡᠨᠳᠤ ᠶᠢ | ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠶᠠᠪᠤᠳᠠᠯ ᠪᠣᠯᠤᠨ᠎ᠠ᠂ ᠡᠶᠢᠮᠦ ᠠᠴᠠ ᠬᠦᠨᠳᠦ ᠡᠪᠡᠳᠴᠢᠨ ᠲᠠᠢ | ᠪᠥᠭᠡᠳ ᠠᠶᠤᠯ ᠲᠦᠭᠰᠢᠭᠦᠷᠢ ᠶᠡᠬᠡᠲᠡᠶ ᠬᠥᠮᠦᠰ᠂ ᠵᠢᠱᠢᠶᠡᠯᠡᠪᠡᠯ ᠨᠠᠰᠤᠲᠠᠶᠢᠴᠤᠳ᠂ ᠢᠯᠠᠩᠭᠤᠶ᠎ᠠ 80 ᠨᠠᠰᠤᠨ ᠠᠴᠠ | ᠳᠡᠭᠡᠭᠰᠢᠬᠢ ᠨᠠᠰᠤᠲᠠᠶᠢᠴᠤᠳ᠂ ᠰᠠᠭᠤᠷᠢ ᠴᠢᠨᠠᠷᠲᠠᠶ ᠬᠦᠨᠳᠦ ᠡᠪᠡᠳᠴᠢᠨ ᠲᠠᠢ ᠬᠥᠮᠦᠰ ᠲᠤ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠵᠦ᠂ ᠬᠥᠮᠦᠨ ᠤᠯᠠᠨ ᠴᠤᠭᠯᠠᠷᠠᠳᠠᠭ ᠲᠠᠯᠠᠪᠤᠷ ᠲᠤ ᠣᠴᠢᠬᠤ᠂ ᠡᠩ ᠤᠨ ᠦᠶ᠎ᠡ ᠳᠤ | ᠭᠠᠷ ᠤᠨ ᠠᠷᠢᠭᠤᠨ ᠴᠡᠪᠡᠷ ᠢ ᠠᠩᠬᠠᠷᠬᠤ᠂ ᠬᠥᠮᠦᠨ ᠤᠯᠠᠨ ᠪᠢᠲᠡᠭᠦᠮᠵᠢᠯᠡᠳᠡᠭ ᠣᠷᠴᠢᠨ ᠲᠣᠭᠤᠷᠢᠨ ᠳᠤ ᠣᠴᠢᠬᠤ᠂ | ᠠᠮᠠᠪᠴᠢ ᠵᠡᠭᠦᠬᠦ ᠶᠢ ᠠᠩᠬᠠᠷᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | | ᠢᠷᠡᠯᠲᠡ᠄ ᠡᠷᠡᠭᠦᠯ ᠴᠢᠬᠢᠷᠠᠭ ᠳᠤᠮᠳᠠᠳᠦ ᠤᠯᠤᠰ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |