ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠡ ︽ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ︾ ᠤ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/17
      5 ᠰᠠᠷ᠎ᠠ ᠶᠢᠨ 17 ᠤ ᠡᠳᠦᠷ᠂ ᠰᠢᠩ ᠾᠧ ᠰᠢᠶᠠᠨ ᠤ ᠬᠠᠤᠯᠢ ᠪᠠᠷᠢᠬᠤ ᠲᠣᠪᠴᠢᠶ᠎ᠠ ︽ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ︾ ᠤ ᠲᠤᠰᠬᠠᠶ ᠠᠵᠢᠯᠯᠠᠭ᠎ᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ  ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠥᠬᠦ ᠠᠵᠢᠯᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ᠂ ᠪᠦᠬᠦ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯᠲᠠᠳ ᠤᠯᠤᠰ ᠲᠦᠷᠦ ᠶᠢᠨ ᠦᠨᠳᠦᠷᠴᠡ᠂ ᠪᠦᠬᠦ ᠲᠠᠯ᠎ᠠ ᠶᠢᠨ ᠬᠠᠷᠠᠭᠠᠰᠤ ᠠᠴᠠ ︽ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠲᠦᠷᠦ ᠪᠠᠷᠢᠬᠤ ᠰᠠᠭᠤᠷᠢ ᠶᠢ ᠪᠠᠲᠤᠳᠬᠠᠬᠤ ᠴᠢᠬᠤᠯᠠ ᠶᠡᠭᠡ ᠠᠷᠭ᠎ᠠ  ᠬᠡᠮᠵᠢᠶ᠎ᠡ ᠮᠥᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠣᠳᠠᠲᠤ ᠬᠡᠷᠡᠭᠴᠡᠭᠡ ᠮᠥᠨ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠢᠭᠡ ᠳᠤ᠂ ᠭᠤᠣᠯᠳᠠᠯᠭ᠎ᠠ ᠲᠠᠢ ᠭᠤᠣᠯ ᠠᠰᠠᠭᠤᠳᠠᠯ ᠢᠶᠠᠷ ᠭᠤᠣᠯᠳᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠣᠳᠠᠲᠠᠢ ᠲᠠᠢ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ᠵᠤᠷᠪᠤᠰ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠨᠢᠭᠲᠠ ᠬᠠᠮᠵᠢᠯᠴᠠᠬᠤ᠂ ᠥᠷᠭᠡᠨ ᠢᠶᠠᠷ ᠳᠠᠶᠢᠴᠢᠯᠠᠬᠤ ᠶᠢ ᠪᠠᠷᠢᠮᠲᠠᠯᠠᠵᠤ᠂ ︽ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢᠨ ᠠᠵᠢᠯ ᠤᠨ ᠬᠠᠮᠲᠤᠷᠠᠯ ᠤᠨ ᠬᠦᠴᠦᠨ ᠢ ᠬᠠᠮᠤᠭ ᠤᠨ ᠶᠡᠭᠡ  ᠬᠡᠮᠵᠢᠶ᠎ᠡ ᠪᠠᠷ ᠨᠢᠭᠲᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠬᠠᠷᠠᠯᠲᠠ ᠡᠭᠦᠷᠭᠡ ᠶᠢ ᠬᠡᠷᠡᠭ ᠶᠠᠪᠤᠳᠠᠯ ᠬᠦᠷᠲᠡᠯ᠎ᠡ ᠪᠣᠳᠠᠲᠠᠶᠢᠵᠢᠭᠤᠯᠵᠤ᠂ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠤᠨ᠂ ᠬᠥᠮᠦᠨ ᠳᠤ ᠬᠡᠮᠵᠢᠶᠡᠵᠢᠭᠦᠯᠵᠦ᠂ ︽ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ︾ ᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3