ᠰᠢᠩ ᠾᠧ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠡ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠬᠠᠢ ᠰᠡᠳᠦᠪᠲᠦ ᠨᠠᠮ ᠤᠨ ᠬᠢᠴᠢᠶᠡᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/18
      ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠭᠦᠨᠵᠡᠭᠡᠶ ᠥᠷᠨᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠪᠣᠯᠤᠨ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠰᠢᠩ ᠾᠧ ᠰᠢᠶᠠᠨ ᠤ ᠬᠠᠤᠯᠢ ᠪᠠᠷᠢᠬᠤ ᠲᠣᠪᠴᠢᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠬᠠᠶ ᠰᠡᠳᠦᠪᠲᠦ ᠨᠠᠮ ᠤᠨ ᠬᠢᠴᠢᠶᠡᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠠᠤᠯᠢ ᠴᠠᠭᠠᠵᠠ ᠶᠢᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᡁᠢ ᠯᠢ ᠨᠥᠬᠦᠷ ᠠᠴᠠ ᠪᠦᠬᠦ ᠲᠠᠯ᠎ᠠ ᠶᠢᠨ ᠺᠠᠳ᠋ᠷ ᠠᠵᠢᠯᠳᠠᠨ ᠠᠵᠢᠯᠴᠢᠨ ᠳᠤ ︽︿5 · 4﹀᠎ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ ᠤᠬᠠᠮᠰᠠᠷ ᠠᠴᠠ ᠪᠠᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠪᠣᠯᠤᠨ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ︾ ᠲᠤᠰᠬᠠᠢ ᠰᠡᠳᠦᠪᠲᠦ ᠨᠠᠮ ᠤᠨ ᠬᠢᠴᠢᠶᠡᠯ ᠢ ᠵᠢᠭᠠᠵᠤ ᠥᠭᠪᠡ᠃      ᠲᠣᠰ ᠤᠳᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠨᠢ ᠭᠤᠤᠯᠳᠠᠭᠤ ︽ᠬᠦᠰᠡᠯᠡᠩ ᠢᠲᠡᠭᠡᠯ ᠵᠣᠷᠢᠭ ᠢᠶᠠᠨ ᠲᠠᠰᠤᠷᠠᠯᠲᠠ ᠥᠬᠡᠶ ᠰᠤᠷᠤᠯᠴᠠᠨ ᠪᠠᠲᠤᠳᠬᠠᠬᠤ︾ ︽ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠳᠤᠮᠳᠠ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠬᠠᠲᠠᠭᠤᠵᠢᠭᠤᠯᠬᠤ︾ ᠪᠠ ︽ᠥᠪᠡᠷ ᠢ ᠪᠠᠨ ᠲᠤᠩᠭᠠᠨ ᠥᠪᠡᠷ ᠢ ᠪᠠᠨ ᠴᠡᠪᠡᠷᠰᠢᠭᠦᠯᠬᠦ ᠳᠤᠮᠳᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠳᠬᠠᠬᠤ︾ ᠭᠤᠷᠪᠠᠨ ᠲᠠᠯ᠎ᠠ ᠠᠴᠠ ᠭᠠᠷᠳᠠᠪᠠ᠃ ᠪᠦᠬᠦ ᠺᠠᠳ᠋ᠷ ᠠᠵᠢᠯᠳᠠᠨ ᠠᠵᠢᠯᠴᠢᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠨᠢ ᠴᠢᠩᠭᠠᠷᠠᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠠᠵᠢᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠭᠢᠰᠬᠢᠬᠦ ᠦᠭᠡᠢ᠂ ᠠᠵᠢᠯ ᠤᠨ ᠳᠤᠮᠳᠠ ᠪᠠᠨ ᠢᠯᠡᠭᠦᠦ ᠠᠵᠢᠯ ᠬᠢᠵᠦ᠂ ᠵᠢᠩᠬᠢᠨᠢ ᠠᠵᠢᠯ ᠬᠢᠵᠦ᠂ ᠬᠡᠷᠡᠭ ᠭᠠᠷᠭᠠᠬᠤ ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠭᠤᠯᠭ᠎ᠠ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠵᠤ ᠥᠭᠬᠦ ᠬᠡᠷᠡᠭᠲᠡᠶ᠃      ᠬᠤᠷᠠᠯ ᠠᠴᠠ ᠪᠦᠬᠦ ᠺᠠᠳ᠋ᠷ ᠠᠵᠢᠯᠳᠠᠨ ᠠᠵᠢᠯᠴᠢᠨ ᠴᠠᠭ ᠢᠮᠠᠭᠲᠠ ᠲᠦᠭᠰᠢᠭᠦᠷᠢ ᠶᠢᠨ ᠤᠬᠠᠮᠰᠠᠷ ᠪᠠ ᠤᠯᠠᠭᠠᠨ ᠱᠤᠭᠤᠮ ᠤᠨ ᠤᠬᠠᠮᠰᠠᠷ ᠲᠠᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠣᠳᠣᠬᠠᠨ ᠤ ᠨᠠᠮ ᠤᠨ ᠲᠥᠪ ᠬᠤᠷᠢᠶ᠎ᠠ ᠠᠴᠠ ᠢᠯᠵᠠᠷᠠᠯ ᠢ ᠡᠰᠡᠷᠭᠦᠴᠡᠬᠦ ᠪᠠᠶᠢᠳᠠᠯ ᠪᠠᠭᠤᠷᠠᠬᠤ ᠦᠭᠡᠢ᠂ ᠢᠯᠵᠠᠷᠠᠯ ᠢ ᠵᠠᠯᠬᠠᠭᠠᠨ ᠰᠢᠳᠬᠡᠬᠦ ᠡᠷᠴᠢᠮ ᠪᠠᠭᠤᠷᠠᠬᠤ ᠦᠭᠡᠢ ᠪᠠᠶᠢᠬᠤ ᠰᠢᠨ᠎ᠡ ᠪᠠᠶᠢᠳᠠᠯ ᠢ ᠭᠦᠨᠵᠡᠭᠡᠶ ᠲᠠᠨᠢᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠬᠡᠷᠡᠭᠲᠡᠶ᠃ ᠬᠤᠶᠠᠷ ᠲᠤ ᠬᠡᠷᠡᠭ ᠢᠶᠠᠷ ᠲᠤᠯᠢ ᠪᠣᠯᠭᠠᠵᠤ᠂ ᠬᠠᠷᠠᠰᠠᠯᠳᠤ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠬᠤ ᠬᠡᠷᠡᠭᠲᠡᠶ᠃ ᠬᠦᠰᠡᠯᠡᠩ ᠢᠲᠡᠭᠡᠯ ᠵᠣᠷᠢᠭ ᠭᠤᠶᠢᠪᠢᠯᠵᠠᠬᠤ᠂ ᠦᠵᠡᠯ ᠰᠠᠨᠠᠭ᠎ᠠ ᠶᠣᠰᠣ ᠮᠣᠷᠠᠯ ᠤᠷᠤᠭᠤᠳᠠᠬᠤ ᠶᠢ ᠰᠡᠷᠡᠮᠵᠢᠯᠡᠵᠦ᠂ ᠦᠷᠳᠡᠭ ᠤᠨ ᠬᠥᠭᠡᠭᠡᠴᠡᠯᠳᠦᠯ ᠭᠠᠵᠢᠭᠤᠳᠠᠬᠤ᠂ ᠲᠥᠪ ᠪᠤᠰᠤ ᠰᠤᠷᠲᠠᠯ ᠡᠭᠦᠰᠬᠦ ᠶᠢ ᠰᠡᠷᠡᠮᠵᠢᠯᠡᠵᠦ᠂ ᠪᠢᠰᠢᠷᠡᠨ ᠵᠢᠷᠦᠬᠡᠰᠢᠶᠡᠬᠦ ᠤᠬᠠᠮᠰᠠᠷ ᠳᠤᠲᠠᠭᠳᠠᠬᠤ᠂ ᠠᠵᠠ ᠵᠠᠪᠰᠢᠶᠠᠨ ᠢᠶᠠᠷ ᠭᠤᠷᠢᠳᠠᠬᠤ ᠪᠤᠳᠤᠯ ᠲᠣᠯᠣᠭᠠᠢ ᠥᠨᠳᠡᠶᠢᠬᠦ ᠶᠢ ᠰᠡᠷᠡᠮᠵᠢᠯᠡᠬᠦ ᠬᠡᠷᠡᠭᠲᠡᠢ᠃ ᠭᠤᠷᠪᠠ ᠳᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠷᠬᠡ᠂ ᠵᠣᠭᠤᠰ ᠮᠥᠩᠭᠦ᠂ ᠬᠠᠤᠯᠢ ᠰᠠᠬᠢᠯᠭ᠎ᠠ᠂ ᠠᠵᠢᠯ ᠵᠢᠴᠢ ᠠᠮᠢᠳᠤᠷᠠᠯ ᠤᠨ ᠲᠠᠯ᠎ᠠ ᠪᠠᠷ ᠵᠥᠪ ᠬᠥᠭᠡᠭᠡᠴᠡᠯᠳᠦᠯ ᠲᠠᠢ ᠪᠠᠶᠢᠬᠤ ᠶᠢᠨ ᠬᠠᠮᠲᠤ ᠶᠣᠰᠣ ᠮᠣᠷᠠᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠡᠷᠡᠭᠦᠯ ᠥᠭᠡᠳᠡᠷᠬᠡᠭ ᠵᠣᠷᠢᠭ ᠰᠠᠨᠠᠭ᠎ᠠ ᠶᠢ ᠪᠠᠷᠢᠮᠲᠠᠯᠠᠨ᠂ ᠥᠪᠡᠷ ᠢ ᠪᠠᠨ ᠴᠢᠩᠭ᠎ᠠ ᠱᠠᠭᠠᠷᠳᠠᠵᠤ᠂ ᠡᠯ᠎ᠡ ᠵᠦᠢᠯ ᠤᠨ ᠥᠳᠥᠭᠡᠯᠭᠡ ᠪᠠ ᠢᠯᠵᠠᠷᠠᠭᠤᠯᠤᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠶ᠃      ᠲᠤᠰ ᠤᠳᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠰᠤᠷᠤᠯᠴᠠᠯᠭ᠎ᠠ ᠪᠠᠷ ᠳᠡᠮᠵᠢᠨ᠂ ᠬᠤᠷᠠᠯ ᠳᠤ ᠣᠷᠣᠯᠴᠠᠭᠰᠠᠳ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡᠬᠦ ᠬᠥᠪᠴᠢ ᠪᠠᠨ ᠢᠮᠠᠭᠲᠠ ᠴᠢᠩᠭᠠᠷᠠᠭᠤᠯᠵᠤ᠂ ᠴᠢᠩᠭ᠎ᠠ ᠱᠠᠭᠠᠷᠳᠠᠵᠤ᠂ ᠥᠪᠡᠷ ᠢ ᠪᠠᠨ ᠬᠢᠵᠠᠭᠠᠷᠯᠠᠵᠤ᠂ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠰᠤᠷᠲᠠᠯ ᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠢᠯᠡᠰ ᠤᠨ ᠬᠥᠭᠵᠢᠯᠲᠡ ᠪᠣᠯᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3