ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠠᠵᠢᠯ ᠤᠨ ᠭᠦᠨᠵᠡᠭᠡᠶ ᠥᠷᠨᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ | ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠪᠣᠯᠤᠨ ᠢᠯᠵᠠᠷᠠᠯ ᠢ | ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ | 18 ᠤ ᠡᠳᠦᠷ ᠤᠨ ᠦᠳᠡ ᠶᠢᠨ ᠡᠮᠦᠨ᠎ᠡ᠂ ᠰᠢᠩ ᠾᠧ ᠰᠢᠶᠠᠨ ᠤ ᠬᠠᠤᠯᠢ ᠪᠠᠷᠢᠬᠤ ᠲᠣᠪᠴᠢᠶ᠎ᠠ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠬᠠᠶ ᠰᠡᠳᠦᠪᠲᠦ ᠨᠠᠮ ᠤᠨ ᠬᠢᠴᠢᠶᠡᠯ ᠢ ᠵᠣᠬᠢᠶᠠᠨ | ᠪᠠᠶᠢᠭᠤᠯᠵᠤ ᠬᠤᠷᠠᠯᠳᠤᠭᠤᠯᠪᠠ᠃ ᠬᠠᠤᠯᠢ ᠴᠠᠭᠠᠵᠠ ᠶᠢᠨ ᠲᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᡁᠢ ᠯᠢ ᠨᠥᠬᠦᠷ ᠠᠴᠠ ᠪᠦᠬᠦ ᠲᠠᠯ᠎ᠠ ᠶᠢᠨ ᠺᠠᠳ᠋ᠷ ᠠᠵᠢᠯᠳᠠᠨ | ᠠᠵᠢᠯᠴᠢᠨ ᠳᠤ ︽︿5 · 4﹀ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠬᠠᠷᠢᠭᠤᠴᠠᠯᠭ᠎ᠠ ᠡᠭᠦᠷᠭᠡᠯᠡᠬᠦ | ᠤᠬᠠᠮᠰᠠᠷ ᠢᠶᠠᠨ ᠴᠢᠩᠭᠠᠳᠬᠠᠵᠤ ᠤᠬᠠᠮᠰᠠᠷ ᠠᠴᠠ ᠪᠠᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ | ᠪᠣᠯᠤᠨ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ︾ ᠲᠤᠰᠬᠠᠢ | ᠰᠡᠳᠦᠪᠲᠦ ᠨᠠᠮ ᠤᠨ ᠬᠢᠴᠢᠶᠡᠯ ᠢ ᠵᠢᠭᠠᠵᠤ ᠥᠭᠪᠡ᠃ | ᠲᠣᠰ ᠤᠳᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠨᠢ ᠭᠤᠤᠯᠳᠠᠭᠤ ︽ᠬᠦᠰᠡᠯᠡᠩ ᠢᠲᠡᠭᠡᠯ | ᠵᠣᠷᠢᠭ ᠢᠶᠠᠨ ᠲᠠᠰᠤᠷᠠᠯᠲᠠ ᠥᠬᠡᠶ ᠰᠤᠷᠤᠯᠴᠠᠨ ᠪᠠᠲᠤᠳᠬᠠᠬᠤ︾ ︽ᠬᠠᠷᠢᠭᠤᠴᠠᠯᠭ᠎ᠠ ᠡᠭᠦᠷᠭᠡᠯᠡᠨ ᠪᠣᠳᠠᠲᠠᠶ | ᠠᠵᠢᠯᠯᠠᠬᠤ ᠳᠤᠮᠳᠠ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠬᠠᠲᠠᠭᠤᠵᠢᠭᠤᠯᠬᠤ︾ ᠪᠠ ︽ᠥᠪᠡᠷ ᠢ ᠪᠠᠨ | ᠲᠤᠩᠭᠠᠨ ᠥᠪᠡᠷ ᠢ ᠪᠠᠨ ᠴᠡᠪᠡᠷᠰᠢᠭᠦᠯᠬᠦ ᠳᠤᠮᠳᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠳᠬᠠᠬᠤ︾ | ᠭᠤᠷᠪᠠᠨ ᠲᠠᠯ᠎ᠠ ᠠᠴᠠ ᠭᠠᠷᠳᠠᠪᠠ᠃ ᠪᠦᠬᠦ ᠺᠠᠳ᠋ᠷ ᠠᠵᠢᠯᠳᠠᠨ ᠠᠵᠢᠯᠴᠢᠨ ᠢ ᠬᠥᠮᠦᠵᠢᠭᠦᠯᠦᠨ ᠬᠥᠲᠥᠯᠥᠨ | ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ | ᠪᠤᠢ ᠪᠣᠯᠭᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭᠠᠨ ᠤ ᠤᠬᠠᠮᠰᠠᠷ ᠢ ᠨᠢ ᠴᠢᠩᠭᠠᠷᠠᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡ ᠬᠦ | ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠶᠢᠭᠤᠯᠵᠤ᠂ ᠠᠵᠢᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ | ᠭᠢᠰᠬᠢᠬᠦ ᠦᠭᠡᠢ᠂ ᠠᠵᠢᠯ ᠤᠨ ᠳᠤᠮᠳᠠ ᠪᠠᠨ ᠢᠯᠡᠭᠦᠦ ᠠᠵᠢᠯ ᠬᠢᠵᠦ᠂ ᠵᠢᠩᠬᠢᠨᠢ ᠠᠵᠢᠯ ᠬᠢᠵᠦ᠂ ᠬᠡᠷᠡᠭ ᠭᠠᠷᠭᠠᠬᠤ | ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠭᠤᠯᠭ᠎ᠠ ᠳᠤ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠶ ᠶᠢ ᠪᠤᠢ ᠪᠣᠯᠭᠠᠵᠤ ᠥᠭᠬᠦ ᠬᠡᠷᠡᠭᠲᠡᠶ᠃ | ᠬᠤᠷᠠᠯ ᠠᠴᠠ ᠪᠦᠬᠦ ᠺᠠᠳ᠋ᠷ ᠠᠵᠢᠯᠳᠠᠨ ᠠᠵᠢᠯᠴᠢᠨ ᠴᠠᠭ ᠢᠮᠠᠭᠲᠠ ᠲᠦᠭᠰᠢᠭᠦᠷᠢ ᠶᠢᠨ ᠤᠬᠠᠮᠰᠠᠷ ᠪᠠ ᠤᠯᠠᠭᠠᠨ | ᠱᠤᠭᠤᠮ ᠤᠨ ᠤᠬᠠᠮᠰᠠᠷ ᠲᠠᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ ᠲᠠᠷᠢᠬᠢ ᠲᠣᠯᠣᠭᠠᠶ ᠪᠠᠨ ᠰᠡᠷᠭᠡᠭ | ᠪᠠᠶᠢᠯᠭᠠᠵᠤ᠂ ᠣᠳᠣᠬᠠᠨ ᠤ ᠨᠠᠮ ᠤᠨ ᠲᠥᠪ ᠬᠤᠷᠢᠶ᠎ᠠ ᠠᠴᠠ ᠢᠯᠵᠠᠷᠠᠯ ᠢ ᠡᠰᠡᠷᠭᠦᠴᠡᠬᠦ ᠪᠠᠶᠢᠳᠠᠯ ᠪᠠᠭᠤᠷᠠᠬᠤ ᠦᠭᠡᠢ᠂ | ᠢᠯᠵᠠᠷᠠᠯ ᠢ ᠵᠠᠯᠬᠠᠭᠠᠨ ᠰᠢᠳᠬᠡᠬᠦ ᠡᠷᠴᠢᠮ ᠪᠠᠭᠤᠷᠠᠬᠤ ᠦᠭᠡᠢ ᠪᠠᠶᠢᠬᠤ ᠰᠢᠨ᠎ᠡ ᠪᠠᠶᠢᠳᠠᠯ ᠢ ᠭᠦᠨᠵᠡᠭᠡᠶ ᠲᠠᠨᠢᠵᠤ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠢᠨ᠎ᠡ ᠬᠡᠪ ᠪᠠᠶᠢᠳᠠᠯ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠬᠤ ᠬᠡᠷᠡᠭᠲᠡᠶ᠃ ᠬᠤᠶᠠᠷ ᠲᠤ ᠬᠡᠷᠡᠭ ᠢᠶᠠᠷ ᠲᠤᠯᠢ ᠪᠣᠯᠭᠠᠵᠤ᠂ ᠬᠠᠷᠠᠰᠠᠯᠳᠤ | ᠰᠤᠷᠭᠠᠮᠵᠢ ᠶᠢ ᠭᠦᠨᠵᠡᠭᠡᠶ ᠰᠢᠩᠭᠡᠭᠡᠨ ᠠᠪᠬᠤ ᠬᠡᠷᠡᠭᠲᠡᠶ᠃ ᠬᠦᠰᠡᠯᠡᠩ ᠢᠲᠡᠭᠡᠯ ᠵᠣᠷᠢᠭ ᠭᠤᠶᠢᠪᠢᠯᠵᠠᠬᠤ᠂ ᠦᠵᠡᠯ | ᠰᠠᠨᠠᠭ᠎ᠠ ᠶᠣᠰᠣ ᠮᠣᠷᠠᠯ ᠤᠷᠤᠭᠤᠳᠠᠬᠤ ᠶᠢ ᠰᠡᠷᠡᠮᠵᠢᠯᠡᠵᠦ᠂ ᠦᠷᠳᠡᠭ ᠤᠨ ᠬᠥᠭᠡᠭᠡᠴᠡᠯᠳᠦᠯ ᠭᠠᠵᠢᠭᠤᠳᠠᠬᠤ᠂ ᠲᠥᠪ | ᠪᠤᠰᠤ ᠰᠤᠷᠲᠠᠯ ᠡᠭᠦᠰᠬᠦ ᠶᠢ ᠰᠡᠷᠡᠮᠵᠢᠯᠡᠵᠦ᠂ ᠪᠢᠰᠢᠷᠡᠨ ᠵᠢᠷᠦᠬᠡᠰᠢᠶᠡᠬᠦ ᠤᠬᠠᠮᠰᠠᠷ ᠳᠤᠲᠠᠭᠳᠠᠬᠤ᠂ ᠠᠵᠠ | ᠵᠠᠪᠰᠢᠶᠠᠨ ᠢᠶᠠᠷ ᠭᠤᠷᠢᠳᠠᠬᠤ ᠪᠤᠳᠤᠯ ᠲᠣᠯᠣᠭᠠᠢ ᠥᠨᠳᠡᠶᠢᠬᠦ ᠶᠢ ᠰᠡᠷᠡᠮᠵᠢᠯᠡᠬᠦ ᠬᠡᠷᠡᠭᠲᠡᠢ᠃ ᠭᠤᠷᠪᠠ ᠳᠤ᠂ | ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠡᠷᠬᠡ᠂ ᠵᠣᠭᠤᠰ ᠮᠥᠩᠭᠦ᠂ ᠬᠠᠤᠯᠢ ᠰᠠᠬᠢᠯᠭ᠎ᠠ᠂ ᠠᠵᠢᠯ ᠵᠢᠴᠢ | ᠠᠮᠢᠳᠤᠷᠠᠯ ᠤᠨ ᠲᠠᠯ᠎ᠠ ᠪᠠᠷ ᠵᠥᠪ ᠬᠥᠭᠡᠭᠡᠴᠡᠯᠳᠦᠯ ᠲᠠᠢ ᠪᠠᠶᠢᠬᠤ ᠶᠢᠨ ᠬᠠᠮᠲᠤ ᠶᠣᠰᠣ ᠮᠣᠷᠠᠯ ᠤᠨ ᠪᠣᠯᠪᠠᠰᠤᠷᠠᠯ ᠢᠶᠠᠨ | ᠴᠢᠩᠭᠠᠳᠬᠠᠵᠤ᠂ ᠡᠷᠡᠭᠦᠯ ᠥᠭᠡᠳᠡᠷᠬᠡᠭ ᠵᠣᠷᠢᠭ ᠰᠠᠨᠠᠭ᠎ᠠ ᠶᠢ ᠪᠠᠷᠢᠮᠲᠠᠯᠠᠨ᠂ ᠥᠪᠡᠷ ᠢ ᠪᠠᠨ ᠴᠢᠩᠭ᠎ᠠ ᠱᠠᠭᠠᠷᠳᠠᠵᠤ᠂ | ᠡᠯ᠎ᠡ ᠵᠦᠢᠯ ᠤᠨ ᠥᠳᠥᠭᠡᠯᠭᠡ ᠪᠠ ᠢᠯᠵᠠᠷᠠᠭᠤᠯᠤᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠶ᠃ | ᠲᠤᠰ ᠤᠳᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠰᠤᠷᠤᠯᠴᠠᠯᠭ᠎ᠠ ᠪᠠᠷ ᠳᠡᠮᠵᠢᠨ᠂ ᠬᠤᠷᠠᠯ ᠳᠤ | ᠣᠷᠣᠯᠴᠠᠭᠰᠠᠳ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡᠬᠦ ᠬᠥᠪᠴᠢ ᠪᠠᠨ ᠢᠮᠠᠭᠲᠠ ᠴᠢᠩᠭᠠᠷᠠᠭᠤᠯᠵᠤ᠂ | ᠴᠢᠩᠭ᠎ᠠ ᠱᠠᠭᠠᠷᠳᠠᠵᠤ᠂ ᠥᠪᠡᠷ ᠢ ᠪᠠᠨ ᠬᠢᠵᠠᠭᠠᠷᠯᠠᠵᠤ᠂ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ | ᠵᠢᠷᠤᠮᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭ᠎ᠠ | ᠠᠳᠬᠤᠨ ᠰᠠᠶᠢᠲᠤᠷ ᠠᠳᠬᠤᠵᠤ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨᠴᠢ | ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠰᠤᠷᠲᠠᠯ ᠢ ᠲᠠᠰᠤᠷᠠᠯᠲᠠ | ᠦᠭᠡᠢ ᠳᠠᠪᠲᠠᠨ ᠪᠣᠯᠪᠠᠰᠤᠷᠠᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠢᠯᠡᠰ ᠤᠨ ᠬᠥᠭᠵᠢᠯᠲᠡ ᠪᠣᠯᠤᠨ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |