ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠶᠢᠨ ᠨᠠᠮ ᠤᠨ ᠶᠡᠷᠦᠩᠬᠡᠢ ᠡᠭᠦᠷ 2023 ᠣᠨ ᠤ ᠲᠠᠪᠤᠳᠤᠭᠠᠷ ᠤᠳᠠᠭ᠎ᠠ ᠶᠢᠨ ︽ᠭᠤᠣᠯ ᠰᠡᠳᠦᠪᠲᠦ ᠲᠤᠬᠠᠢ ᠶᠢᠨ ᠡᠳᠦᠷ︾᠎ ᠤᠨ ᠠᠵᠢᠯᠯᠠᠭ᠎ᠠ ᠶᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/19
      5 ᠰᠠᠷ᠎ᠠ ᠶᠢᠨ 19᠎ ᠤ ᠦᠳᠡ ᠶᠢᠨ ᠬᠤᠶᠢᠨ᠎ᠠ᠂ ᠬᠤᠳᠠ ᠶᠢᠨ ᠬᠠᠮᠢᠶᠠᠷᠤᠯᠲᠠ ᠶᠢᠨ  ᠲᠤᠪᠴᠢᠶ᠎ᠡ ᠨᠠᠮ ᠤᠨ ᠶᠡᠷᠦᠩᠬᠡᠢ ᠡᠭᠦᠷ ᠤᠨ 2023 ᠣᠨ ᠤ ᠲᠠᠪᠤᠳᠤᠭᠠᠷ ᠤᠳᠠᠭ᠎ᠠ ᠶᠢᠨ ︽ᠭᠤᠣᠯ ᠰᠡᠳᠦᠪᠲᠦ ᠨᠠᠮ ᠤᠨ ᠡᠳᠦᠷ︾᠎ ᠤᠨ ᠠᠵᠢᠯᠯᠠᠭ᠎ᠠ ᠶᠢ ᠥᠷᠨᠢᠭᠦᠯᠪᠡ᠃  ᠲᠤᠪᠴᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠦᠬᠦ ᠨᠠᠮ ᠤᠨ ᠭᠡᠰᠢᠭᠦᠨ ᠺᠠᠳ᠋ᠷ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠤᠤ ᠹᠧᠩ ᠯᠢᠨ ᠨᠥᠬᠦᠷ ᠠᠵᠢᠯᠯᠠᠭ᠎ᠠ ᠳᠤ ᠣᠷᠣᠯᠴᠠᠪᠠ᠃       ᠠᠵᠢᠯᠯᠠᠭ᠎ᠠ ᠶᠢᠨ ᠭᠤᠣᠯ ᠰᠡᠳᠦᠪ᠄ ᠨᠠᠮ ᠤᠨ ᠪᠠᠶᠢᠭᠤᠯᠤᠯᠲᠠ ᠶᠢ ᠠᠳᠬᠤᠵᠤ ᠨᠠᠮᠴᠢ ᠴᠢᠨᠠᠷ ᠢ ᠴᠢᠩᠭᠠᠳᠬᠠᠨ ᠪᠣᠳᠠᠲᠠᠶ ᠠᠵᠢᠯ ᠬᠢᠵᠦ ᠪᠣᠳᠠᠲᠠᠶ ᠠᠮᠵᠢᠯᠲᠠ ᠭᠠᠷᠭᠠᠨ᠎ᠠ      ᠠᠵᠢᠯᠯᠠᠭ᠎ᠠ ᠶᠢᠨ ᠳᠤᠮᠳᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠵᠢᠯ ᠤᠳ ᠲᠤ᠂ ᠮᠠᠨ ᠤ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠰᠢᠶᠠᠨ ᠤ ᠬᠤᠲᠠ ᠶᠢᠨ ᠦᠵᠡᠮᠵᠢ ᠵᠢᠴᠢ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠮᠠᠰᠢ ᠶᠡᠭᠡ ᠳᠡᠭᠡᠭᠰᠢᠯᠡᠯᠲᠡ ᠲᠠᠢ ᠪᠣᠯᠵᠣ᠂ ᠳᠡᠭᠡᠳᠦ ᠱᠠᠲᠤᠨ ᠤ ᠤᠳᠤᠷᠢᠳᠤᠯᠭ᠎ᠠ ᠪᠠ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠪᠠᠶᠢᠨ᠎ᠠ᠃ ᠭᠡᠪᠡᠴᠦ᠂ ᠮᠠᠨ ᠤ ᠣᠳᠣᠬᠠᠨ ᠤ ᠣᠯᠤᠭᠰᠠᠨ ᠠᠮᠵᠢᠯᠲᠠ ᠪᠦᠲᠦᠮᠵᠢ ᠪᠠᠰᠠ ᠮᠠᠰᠢ ᠶᠡᠭᠡ ᠳᠡᠭᠡᠭᠰᠢᠯᠡᠬᠦ ᠣᠷᠣᠨ ᠵᠠᠢ ᠲᠠᠢ ᠪᠠᠶᠢᠬᠤ ᠶᠢ ᠪᠢᠳᠡ ᠡᠷᠬᠡᠪᠰᠢ ᠭᠦᠢᠴᠡᠳ ᠲᠠᠨᠢᠬᠤ ᠬᠡᠷᠡᠭᠲᠡᠢ᠃      ᠠᠵᠢᠯᠯᠠᠭ᠎ᠠ ᠶᠢᠨ ᠵᠣᠷᠢᠯᠭ᠎ᠠ᠄ ᠡᠨᠡ ᠵᠢᠯ᠂ ᠮᠠᠨ ᠤ ᠰᠢᠶᠠᠨ ᠤᠯᠤᠰ ᠤᠨ ᠲᠠᠰ ᠤᠨ ︽ᠪᠣᠯᠪᠠᠰᠤᠨ ᠬᠤᠲᠠ︾᠎ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠥᠨᠥᠳᠦᠷ ᠤᠨ ︽ᠭᠤᠤᠯ ᠰᠡᠳᠦᠪᠲᠦ ᠨᠠᠮ ᠤᠨ ᠡᠳᠦᠷ︾᠎ ᠤᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠲᠠᠨ ᠠᠵᠢᠯᠴᠢᠨ ᠢ ᠤᠷᠢᠶᠠᠯᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠨᠠᠩ ᠴᠢᠷᠮᠠᠶᠢᠨ ᠠᠵᠢᠯᠯᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠲᠦᠷᠭᠡᠳᠬᠡᠨ ᠪᠠᠶᠢᠭᠤᠯᠵᠤ᠂ ᠰᠢᠨ᠎ᠡ᠂ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃      ᠬᠤᠷᠠᠯ ᠳᠡᠭᠡᠷ᠎ᠡ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠰᠠᠨᠠᠭᠠᠯᠵᠠᠵᠤ᠂ ᠬᠠᠤᠯᠢ ᠪᠠᠷ ᠵᠠᠰᠠᠬᠤ ᠬᠢᠴᠢᠶᠡᠯ ᠣᠷᠣᠬᠤ ᠪᠠ ᠰᠡᠷᠡᠮᠵᠢᠯᠡᠭᠦᠯᠬᠦ ᠬᠥᠮᠦᠵᠢᠯ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ ᠨᠠᠮ ᠤᠨ ᠰᠦᠢᠳᠬᠡᠯ ᠲᠤᠰᠢᠶᠠᠵᠠᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3